ᠬᠢᠩᠭᠠᠨ ᠠᠶᠢᠮᠠᠭ ᠤᠨ ︽ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ ᠠᠮᠤᠷ ᠠᠮᠤᠭᠤᠯᠠᠩ ᠭᠡᠷ ᠪᠦᠯᠢ ᠶᠢ ᠬᠠᠮᠲᠤ ᠪᠠᠷ ᠴᠣᠭᠴᠠᠯᠠᠶ᠎ᠠ︾ ᠭᠡᠬᠦ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/15
   ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠹᠧᠩ ᠴᠢᠶᠣᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠪᠡ᠃ 10 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠳᠠᠭᠠᠭᠠᠨ ᠡᠷᠬᠢᠯᠡᠭᠰᠡᠨ ︽ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ ᠠᠮᠤᠷ ᠠᠮᠤᠭᠤᠯᠠᠩ ᠭᠡᠷ ᠪᠦᠯᠢ ᠶᠢ ᠬᠠᠮᠲᠤ ᠪᠠᠷ ᠴᠣᠭᠴᠠᠯᠠᠬᠤ︾ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃ ᠬᠤᠷᠠᠯ ᠳᠤ ᠣᠷᠣᠯᠴᠠᠭᠰᠠᠳ ᠠᠮᠤᠷ ᠠᠮᠤᠭᠤᠯᠠᠩ ᠭᠡᠷ ᠪᠦᠯᠢ ᠶᠢᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠠᠵᠢᠯᠯᠠᠭ᠎ᠠ ᠶᠢᠨ ᠳᠤᠮᠳᠠ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠲᠥᠯᠥᠭᠡᠯᠡᠭᠴᠢ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠨ ᠠᠭᠤᠯᠠ ᠨᠡᠶᠢᠭᠡᠮ ᠲᠣᠭᠤᠷᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠤᠷᠤᠭ ᠭᠡᠷ ᠪᠦᠯᠢ ᠶᠢᠨ ᠡᠶᠡᠳᠡᠭᠦᠯᠬᠦ ᠲᠠᠰᠤᠭ᠂ ᠰᠢᠷᠠᠳᠤᠪᠤ ᠭᠠᠴᠠᠭ᠎ᠠ ᠳᠤ ᠬᠦᠷᠴᠦ᠂ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠵᠢᠴᠢ ᠤᠷᠤᠭ ᠭᠡᠷ ᠪᠦᠯᠢ ᠶᠢᠨ ᠵᠥᠷᠢᠴᠡᠯ ᠢ ᠡᠶᠡᠳᠡᠭᠦᠯᠬᠦ ᠠᠵᠢᠯ᠂ ︽ᠠᠮᠤᠷ ᠠᠮᠤᠭᠤᠯᠠᠩ ᠡᠵᠢ︾ ᠬᠠᠮᠢᠶᠠᠷᠤᠨ ᠬᠠᠮᠠᠭᠠᠯᠠᠬᠤ ᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠵᠢᠴᠢ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠣᠨᠴᠠᠯᠢᠭᠲᠤ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠬᠤᠷᠠᠯ ᠤᠨ ᠭᠡᠷ ᠲᠤ ᠠᠮᠤᠷ ᠠᠮᠤᠭᠤᠯᠠᠩ ᠭᠡᠷ ᠪᠦᠯᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠥᠯᠥᠭᠡᠯᠡᠭᠴᠢ᠂ ᠤᠯᠠᠭᠠᠨᠬᠤᠲᠠ ᠶᠢᠨ ︽ᠠᠮᠤᠷ ᠠᠮᠤᠭᠤᠯᠠᠩ ᠡᠵᠢ︾ ᠬᠠᠮᠢᠶᠠᠷᠤᠨ ᠬᠠᠮᠠᠭᠠᠯᠠᠬᠤ ᠠᠩᠭᠢ ᠶᠢᠨ ᠲᠥᠯᠥᠭᠡᠯᠡᠭᠴᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠳᠤ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠦᠢ ᠷᠦᠩ ᠬᠤᠸᠠ ᠳᠠᠷᠠᠭᠠᠴᠢ ᠶᠢᠨ ᠠᠯᠬᠤᠮ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠳᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠬᠢᠵᠦ᠂ ᠪᠦᠬᠦ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠤᠷᠤᠭ ᠤᠨ ᠭᠡᠷ ᠪᠦᠯᠢ ᠶᠢᠨ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠰᠡᠷᠭᠡᠶᠢᠯᠡᠵᠦ᠂ ᠡᠮᠡᠭᠲᠡᠶᠢᠴᠦᠳ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠠᠮᠤᠷ ᠠᠮᠤᠭᠤᠯᠠᠩ ᠭᠡᠷ ᠪᠦᠯᠢ︾ ᠶᠢᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠠᠮᠤᠷ ᠠᠮᠤᠭᠤᠯᠠᠩ ᠭᠡᠷ ᠪᠦᠯᠢ︾ ᠶᠢᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠠᠮᠤᠷ ᠲᠦᠪᠰᠢᠨ ᠰᠡᠷᠭᠡᠶᠢᠯᠡᠯᠲᠡ ᠶᠢ ᠭᠡᠷ ᠪᠦᠯᠢ᠂ ᠵᠥᠷᠢᠴᠡᠯ ᠢ ᠨᠠᠮᠳᠠᠭᠤᠯᠬᠤ ᠶᠢ ᠪᠡᠶᠡᠯᠡᠭᠦᠯᠦᠨ᠎ᠡ︔ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠳᠤ ᠬᠠᠮᠲᠤ ᠪᠠᠷ ᠬᠦᠴᠦᠨ ᠨᠡᠮᠡᠷᠢᠯᠡᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠤᠳᠤᠷᠢᠳᠤᠯᠭ᠎ᠠ ᠴᠧᠨ ᠰᠢᠦᠸᠡᠢ ᠵᠢᠶᠣᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号