ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠠᠯ᠎ᠠ ᠪᠠᠷ᠂ 1 — 9 ᠳ᠋ᠦ᠋ᠭᠡᠷ ᠰᠠᠷ᠎ᠠ ᠳᠤ᠂ ᠮᠠᠨ ᠤ | ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠲᠠᠬᠢ ᠬᠢᠯᠢ ᠶᠢᠨ ᠭᠠᠳᠠᠨᠠᠬᠢ ᠪᠠᠯᠠ | ᠣᠷᠣᠭᠤᠯᠤᠯᠲᠠ ᠶᠢᠨ ᠠᠵᠤ ᠠᠬᠤᠶᠢᠯᠠᠯ ᠢ 30 ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ | 42.86% ᠪᠠᠷ ᠨᠡᠮᠡᠭᠳᠡᠨ᠂ ᠪᠥᠬᠦ ᠣᠷᠣᠨ ᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ | ᠠᠬᠤᠶᠢᠯᠠᠯ ᠤᠨ 81.08% ᠶᠢ ᠡᠵᠡᠯᠡᠪᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ︽ | ᠨᠢᠭᠡ ᠪᠦᠰᠡ ᠨᠢᠭᠡ ᠵᠠᠮ︾ ᠳᠠᠭᠠᠤ ᠶᠢᠨ ᠬᠠᠮᠲᠤ ᠪᠠᠷ ᠪᠠᠶᠢᠭᠤᠯᠬᠤ 28 ᠤᠯᠤᠰ ᠲᠤ ᠣᠲᠣ ᠪᠠᠶᠢᠭ᠎ᠠ ᠬᠢᠯᠢ ᠶᠢᠨ | ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ 401 ᠪᠠᠶᠢᠵᠤ᠂ ᠪᠥᠬᠦ ᠣᠷᠣᠨ ᠤ ᠬᠢᠯᠢ ᠶᠢᠨ ᠭᠠᠳᠠᠨᠠᠬᠢ | ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ 74.81% ᠶᠢ ᠡᠵᠡᠯᠡᠵᠦ᠂ ᠳᠤᠮᠳᠠᠳᠤ ᠶᠢᠨ ᠲᠠᠯ᠎ᠠ ᠶᠢᠨ ᠪᠠᠯᠠ | ᠣᠷᠣᠭᠤᠯᠤᠯᠲᠠ ᠶᠢᠨ ᠶᠡᠷᠦᠩᠬᠡᠶ ᠲᠤᠭ᠎ᠠ 37.25 ᠳ᠋ᠦᠩᠰᠢᠭᠤᠷ ᠳ᠋ᠣᠯᠯᠠᠷ ᠲᠤ ᠬᠦᠷᠴᠦ᠂ ᠪᠥᠭᠡᠮ ᠢᠶᠠᠷ | ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ ᠣᠶ ᠰᠢᠭᠤᠢ ᠮᠠᠯ ᠠᠵᠤ ᠠᠬᠤᠶ ᠵᠢᠭᠠᠰᠤᠨ | ᠠᠵᠤ ᠠᠬᠤᠶ ᠵᠡᠷᠭᠡ ᠠᠵᠢᠯ ᠲᠥᠷᠥᠯ ᠳᠤ ᠲᠥᠪᠯᠡᠷᠡᠭᠦᠯᠦᠨ ᠪᠡᠯᠡ ᠤᠷᠤᠭᠤᠯᠵᠦ ᠪᠤᠢ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠠᠯ᠎ᠠ ᠪᠠᠷ᠂ 1 — 9 ᠳ᠋ᠦ᠋ᠭᠡᠷ ᠰᠠᠷ᠎ᠠ ᠳᠤ᠂ ︽ᠨᠢᠭᠡ ᠪᠦᠰᠡ | ᠨᠢᠭᠡ ᠵᠠᠮ︾ ᠳᠠᠭᠠᠤ ᠶᠢᠨ ᠪᠡᠯᠡ ᠣᠷᠣᠭᠤᠯᠤᠭᠴᠢᠳ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠭᠰᠠᠨ ᠠᠵᠤ ᠠᠬᠤᠶᠢᠯᠠᠯ ᠢ 11 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 83. | 33% ᠪᠠᠷ ᠨᠡᠮᠡᠭᠳᠡᠵᠦ᠂ ᠲᠡᠦᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠣᠷᠭᠢᠯ ᠬᠡᠮᠵᠢᠭᠳᠡᠯ ᠳᠤ | ᠬᠦᠷᠴᠦ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ 35.48% ᠶᠢ ᠡᠵᠡᠯᠡᠪᠡ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ | ︽ᠨᠢᠭᠡ ᠪᠦᠰᠡ ᠨᠢᠭᠡ ᠵᠠᠮ︾ ᠳᠠᠭᠠᠤ ᠶᠢᠨ ᠬᠠᠮᠲᠤ ᠪᠠᠷ ᠪᠠᠶᠢᠭᠤᠯᠬᠤ 20 ᠤᠯᠤᠰ ᠠᠴᠠ ᠮᠠᠨ ᠤ ᠣᠷᠣᠨ ᠳᠤ | ᠰᠢᠭᠤᠳ ᠪᠡᠯᠡ ᠣᠷᠣᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ | 134 ᠪᠠᠶᠢᠭᠤᠯᠵᠤ᠂ ᠭᠠᠳᠠᠭᠠᠳᠤ ᠶᠢᠨ ᠲᠠᠯ᠎ᠠ ᠶᠢᠨ ᠬᠢᠨ ᠤ ᠳᠠᠩᠰᠠᠯᠠᠭᠤᠯᠤᠭᠰᠠᠨ ᠬᠦᠷᠦᠩᠭᠡ 13.35 ᠳ᠋ᠦᠩᠰᠢᠭᠤᠷ | ᠳ᠋ᠣᠯᠯᠠᠷ ᠲᠤ ᠬᠦᠷᠴᠦ᠂ ᠬᠢᠯᠢ ᠠᠯᠤᠰᠯᠠᠭᠰᠠᠨ ᠤᠷᠤᠭᠤᠯᠤᠯᠲᠠ ᠨᠡᠶᠢᠲᠡ 7.62 ᠳ᠋ᠦᠩᠰᠢᠭᠤᠷ ᠳ᠋ᠣᠯᠯᠠᠷ ᠲᠤ ᠬᠦᠷᠴᠦ | ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ | ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠢ ᠵᠢᠴᠢ ᠲᠡᠭᠦᠨ ᠤ ᠦᠢᠯᠡᠴᠢᠯᠡᠭᠡᠨ ᠤ ᠦᠢᠯᠡᠰ᠂ ᠢᠳᠡᠭᠡᠨ | ᠤᠮᠳᠠᠭᠠᠨ ᠬᠤᠳᠠᠯᠳᠤᠭᠠᠨ ᠤ ᠶᠠᠪᠤᠳᠠᠯ ᠰᠣᠶᠣᠯ ᠵᠠᠭᠤᠴᠢᠯᠠᠭᠤᠷ ᠤᠨ ᠦᠢᠯᠡᠴᠢᠯᠡᠭᠡᠨ ᠤ ᠦᠢᠯᠡᠰ ᠵᠡᠷᠭᠡ ᠠᠵᠢᠯ | ᠲᠥᠷᠥᠯ ᠳᠤ ᠲᠥᠪᠯᠡᠷᠡᠭᠦᠯᠦᠨ ᠪᠡᠯᠡ ᠣᠷᠣᠭᠤᠯᠪᠠ᠃ ︵ᠳᠤᠮᠳᠠᠳᠤ ᠤᠯᠤᠰ ᠤᠨ ᠠᠷᠠᠳ ᠤᠨ ᠪᠠᠩᠬᠢ︶ |