ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠶᠤᠯ ᠲᠦᠭᠰᠢᠭᠦᠷᠢ ᠶᠢ ᠰᠡᠷᠭᠡᠶᠢᠯᠡᠵᠦ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠲᠠᠮᠵᠢᠭᠤᠯᠤᠨ ᠨᠡᠶᠢᠳᠡᠯᠡᠪᠡ
ᠨᠡᠶᠢᠲᠡᠯᠡᠭᠰᠡᠨ ᠴᠠᠭ᠄
2024/10/15
   ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠶᠤᠯ ᠲᠦᠭᠰᠢᠭᠦᠷᠢ ᠶᠢ ᠰᠡᠷᠭᠡᠶᠢᠯᠡᠵᠦ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠠᠮᠵᠢᠭᠤᠯᠤᠨ ᠨᠡᠶᠢᠳᠡᠯᠡᠪᠡ᠃   ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠪᠠ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠠᠵᠤ ᠠᠬᠤᠶ ᠮᠥᠩᠭᠦᠨ ᠭᠦᠢᠯᠭᠡᠭᠡᠨ ᠤ ᠠᠮᠤᠷ ᠲᠦᠪᠰᠢᠨ ᠪᠠ ᠨᠡᠶᠢᠭᠡᠮ ᠤᠨ ᠵᠢᠱᠢᠯᠲᠡ ᠶᠢᠨ ᠲᠣᠭᠲᠠᠭᠤᠨ ᠢ ᠬᠠᠮᠠᠭᠠᠯᠠᠬᠤ ᠳᠤ ᠬᠦᠴᠦᠨ ᠨᠡᠮᠡᠷᠢᠯᠡᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠪᠡ᠃   ︽ᠰᠠᠨᠠᠯ︾ ᠳᠤ᠂ 2029 ᠣᠨ ᠪᠣᠯᠬᠤ ᠳᠤ᠂ ᠳᠤᠮᠳᠠᠳᠤ ᠤᠯᠤᠰ ᠤᠨ ᠣᠨᠴᠠᠯᠢᠭ ᠪᠥᠬᠦᠶ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠢᠢᠨ ᠲᠦᠷᠢᠮ ᠪᠠ ᠲᠤᠬᠠᠶᠢᠯᠠᠭᠰᠠᠨ ᠠᠵᠢᠯ ᠤᠨ ᠵᠠᠭᠪᠤᠷ ᠤᠨ ᠶᠡᠷᠦᠩᠬᠡᠶ ᠪᠣᠷᠣ ᠲᠥᠯᠥᠪ ᠢ ᠪᠣᠶ ᠪᠣᠯᠭᠠᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠲᠥᠷᠥᠯ ᠵᠦᠢᠯ ᠤᠨ ᠪᠠᠶᠢᠷᠢᠰᠢᠯ ᠬᠢᠭᠡᠳ ᠤᠯᠤᠰ ᠠᠷᠠᠳ ᠤᠨ ᠠᠵᠤ ᠠᠬᠤᠶ ᠶᠢᠨ ᠪᠦᠲᠦᠴᠡ ᠶᠢ ᠨᠠᠩ ᠵᠣᠬᠢᠴᠠᠭᠤᠯᠵᠤ᠂ ᠵᠠᠬ᠎ᠠ ᠳᠡᠯᠭᠡᠭᠦᠷ ᠤᠨ ᠭᠦᠨᠴᠡ ᠪᠠ ᠦᠨ᠎ᠡ ᠲᠣᠭᠲᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ᠂ ᠲᠤᠰᠬᠠᠶ ᠮᠡᠷᠭᠡᠵᠢᠯ ᠨᠢ ᠲᠣᠭᠲᠠᠭᠤᠨ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠵᠠᠭᠤᠴᠢ ᠪᠠᠶᠢᠭᠤᠯᠤᠮᠵᠢ ᠶᠢᠨ ᠡᠩᠨᠡᠭᠡ ᠶᠢ ᠪᠠᠶᠢᠭᠤᠯᠤᠨ᠎ᠠ᠃ 2035 ᠣᠨ ᠪᠣᠯᠬᠤ ᠳᠤ᠂ ᠠᠮᠤᠷ ᠲᠦᠪᠰᠢᠨ᠂ ᠵᠢᠷᠤᠮᠵᠢᠯ ᠲᠠᠢ᠂ ᠢᠯᠡ ᠲᠣᠳᠣ᠂ ᠨᠡᠭᠡᠭᠡᠯᠲᠡ ᠲᠠᠢ᠂ ᠠᠮᠢᠵᠢᠷᠠᠯ ᠤᠨ ᠬᠦᠴᠦᠨ ᠲᠠᠢ᠂ ᠤᠶᠠᠨ ᠬᠠᠳᠠᠨ ᠴᠢᠨᠠᠷᠲᠠᠢ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠯᠳᠦᠭᠦᠯᠵᠦ᠂ ᠭᠤᠣᠯ ᠪᠣᠯᠬᠤ ᠲᠦᠷᠦᠯ ᠵᠦᠢᠯ ᠨᠢ ᠪᠦᠬᠦ ᠪᠥᠮᠪᠥᠷᠴᠡᠭ ᠤᠨ ᠠᠷᠠᠯᠵᠢᠶᠠᠯᠠᠭᠴᠢᠳ ᠢ ᠭᠦᠢᠴᠡᠳ ᠣᠷᠣᠯᠴᠠᠭᠤᠯᠵᠤ᠂ ᠪᠥᠭᠡᠮ ᠲᠠᠸᠠᠷ ᠤᠨ ᠦᠨ᠎ᠡ ᠬᠠᠩᠰᠢ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠢᠯᠡᠳᠲᠡ ᠴᠢᠩᠭᠠᠷᠠᠭᠤᠯᠵᠤ᠂ ᠵᠠᠭᠤᠴᠢ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠤᠰ ᠵᠠᠭᠤᠨ ᠤ ᠳᠤᠮᠳᠠᠴᠢ ᠪᠣᠯᠬᠤ ᠳᠤ᠂ ᠦᠢᠯᠡᠳᠬᠦᠨ ᠨᠢ ᠪᠦᠷᠢᠨ ᠭᠦᠢᠴᠡᠳ᠂ ᠴᠢᠳᠠᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠥᠨᠳᠥᠷ ᠪᠦᠲᠦᠮᠵᠢᠲᠡᠢ᠂ ᠠᠵᠢᠯᠯᠠᠭᠠᠨ ᠨᠢ ᠯᠠᠪᠳᠠᠭᠤᠨ ᠲᠣᠭᠲᠠᠭᠤᠨ᠂ ᠦᠨ᠎ᠡ ᠬᠠᠩᠰᠢ ᠨᠢ ᠪᠦᠬᠦ ᠪᠥᠮᠪᠥᠷᠴᠡᠭ ᠢ ᠨᠥᠯᠥᠭᠡᠯᠡᠬᠦ ᠳᠡᠯᠡᠬᠡᠢ ᠶᠢᠨ ᠲᠡᠷᠢᠭᠦᠨ ᠵᠡᠷᠭᠡ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠢ ᠪᠠᠶᠢᠭᠤᠯᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠤᠯᠤᠰ ᠠᠷᠠᠳ ᠤᠨ ᠠᠵᠤ ᠠᠬᠤᠢ ᠳᠤ ᠦᠢᠯᠡᠴᠢᠯᠡᠬᠦ᠂ ᠪᠦᠬᠦ ᠪᠥᠮᠪᠥᠷᠴᠡᠭ ᠤᠨ ᠡᠬᠢ ᠪᠠᠶᠠᠯᠢᠭ ᠢ ᠲᠤᠬᠢᠷᠠᠭᠤᠯᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ ᠳᠤᠷᠠᠳᠪᠠ᠃    ︽ᠰᠠᠨᠠᠯ︾ ᠳᠤ 8 ᠲᠠᠯ᠎ᠠ ᠶᠢᠨ 17 ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃ ᠨᠢᠭᠡ ᠳᠤ᠂ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠦᠢᠯᠡ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠤᠨ᠎ᠠ᠃ ᠲᠠᠩᠰᠠᠨ ᠡᠷᠦᠬᠡ ᠶᠢᠨ ᠦᠨᠡᠨ ᠨᠡᠷ᠎ᠡ ᠶᠢᠨ ᠲᠦᠷᠢᠮ᠂ ᠠᠷᠠᠯᠵᠢᠶᠠᠯᠠᠭᠴᠢ ᠶᠢᠨ ᠵᠣᠬᠢᠰᠲᠤ ᠴᠢᠨᠠᠷ ᠵᠡᠷᠭᠡ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠡᠲᠦᠷᠬᠡᠶ ᠵᠠᠪᠰᠢᠬᠤ ᠶᠢ ᠬᠤᠷᠢᠭᠯᠠᠨ᠎ᠠ᠃ ᠵᠠᠬ᠎ᠠ ᠳᠡᠯᠭᠡᠭᠦᠷ ᠢ ᠵᠠᠬᠢᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠭᠤᠷᠪᠠ ᠳᠤ᠂ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠰᠲ᠋ᠣᠺ ᠤᠨ ᠡᠷᠬᠡ ᠶᠢᠨ ᠬᠠᠮᠢᠶᠠᠷᠤᠯᠲᠠ ᠪᠠ ᠬᠠᠤᠯᠢ ᠶᠢᠨ ᠬᠥᠮᠦᠨ ᠤ ᠵᠠᠰᠠᠯᠲᠠ ᠶᠢ ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ ᠲᠡᠭᠦᠨ ᠤ ᠬᠤᠪᠢᠶᠠᠷᠢ ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠠᠶᠤᠯ ᠲᠦᠭᠰᠢᠭᠦᠷᠢ ᠶᠢ ᠴᠡᠪᠡᠷᠯᠡᠨ ᠭᠠᠷᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ ᠪᠦᠷᠢᠨᠰᠢᠭᠦᠯᠦᠨ᠎ᠡ᠃ ᠲᠦᠷᠪᠡ ᠳᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠪᠠᠲᠤᠯᠠᠭ᠎ᠠ ᠶᠢᠨ ᠮᠥᠩᠭᠦ ᠶᠢ ᠪᠢᠲᠡᠭᠦᠮᠵᠢᠯᠡᠨ ᠠᠵᠢᠯᠯᠠᠭᠤᠯᠬᠤ ᠪᠠ ᠠᠶᠤᠯᠭᠦᠢ ᠬᠠᠳᠠᠭᠠᠯᠠᠵᠤ ᠬᠠᠮᠢᠶᠠᠷᠬᠤ ᠲᠦᠷᠢᠮ ᠢ ᠲᠡᠭᠦᠯᠳᠡᠷᠵᠢᠭᠦᠯᠦᠨ᠎ᠡ᠃ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠳᠠᠷᠤᠭᠠᠰᠤ ᠶᠢᠨ ᠰᠢᠯᠭᠠᠯᠲᠠ ᠶᠢ ᠪᠠᠶᠢᠩᠭᠤᠵᠢᠭᠤᠯᠤᠨ᠎ᠠ᠃ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠳ᠋ᠦᠩᠨᠡᠨ ᠪᠣᠳᠣᠯᠲᠠ᠂ ᠰᠢᠯᠵᠢᠭᠦᠯᠦᠨ ᠲᠤᠰᠢᠶᠠᠬᠤ ᠵᠡᠷᠭᠡ ᠶᠢᠨ ᠠᠶᠤᠯᠭᠦᠶ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠪᠤ ᠳᠤ᠂ ᠲᠠᠸᠠᠷ ᠤᠨ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠸᠠᠷ ᠤᠨ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠪᠠᠶᠢᠷᠢᠰᠢᠭᠤᠯᠤᠯᠳᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠬᠠᠩᠰᠢ ᠬᠠᠮᠠᠭᠠᠯᠠᠬᠤ ᠠᠷᠠᠯᠵᠢᠶ᠎ᠠ ᠶᠢᠨ ᠳᠦᠷᠢᠮ ᠤᠨ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠤᠭᠤᠴᠠᠭᠠᠲᠤ ᠪᠠᠷᠠᠭᠠᠨ ᠤ ᠦᠨ᠎ᠡ ᠬᠠᠩᠰᠢ ᠶᠢᠨ ᠳᠣᠬᠢᠶ᠎ᠠ ᠶᠢ ᠦᠨᠳᠦᠰᠦᠯᠡᠨ ᠦᠢᠯᠡᠳᠪᠦᠷᠢᠯᠡᠯ ᠡᠵᠡᠩᠨᠡᠯᠲᠡ ᠪᠠᠨ ᠵᠦᠢ ᠵᠣᠬᠢᠰᠲᠠᠶ ᠲᠣᠬᠢᠷᠠᠭᠤᠯᠤᠨ᠎ᠠ᠃ ᠵᠢᠷᠭᠤᠭ᠎ᠠ ᠳᠤ᠂ ᠮᠥᠩᠭᠦᠨ ᠭᠦᠢᠯᠭᠡᠭᠡᠨ ᠤ ᠬᠤᠭᠤᠴᠠᠭᠠᠲᠤ ᠪᠠᠷᠠᠭ᠎ᠠ ᠪᠠ ᠡᠭᠦᠰᠦᠮᠡᠯ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠯᠠᠪᠳᠠᠭᠤᠨ ᠪᠣᠯᠭᠤᠮᠵᠢᠲᠠᠢ ᠬᠥᠭᠵᠢᠭᠦᠯᠦᠨ᠎ᠡ᠃ ᠰᠲ᠋ᠣᠺ ᠤᠨ ᠵᠢᠭᠠᠯᠲᠠ ᠲᠤᠭ᠎ᠠ ᠶᠢᠨ ᠬᠤᠭᠤᠴᠠᠭᠠᠲᠤ ᠪᠠᠷᠠᠭᠠᠨ ᠤ ᠡᠷᠬᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠬᠤ ᠳᠠᠪᠬᠤᠷ ᠴᠢᠳᠠᠮᠵᠢ ᠶᠢ ᠪᠠᠳᠠᠷᠠᠭᠤᠯᠤᠨ᠎ᠠ᠃ ᠬᠤᠳᠠᠯᠳᠤᠭᠠᠨ ᠤ ᠪᠠᠩᠬᠢ ᠶᠢᠨ ᠤᠯᠤᠰ ᠤᠨ ᠵᠢᠭᠡᠯᠡᠯᠭᠡ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠲᠤᠷᠰᠢᠯᠲᠠ ᠳᠤ ᠣᠷᠣᠯᠴᠠᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠷᠢᠶᠡᠨ ᠳᠠᠬᠢ ᠡᠭᠦᠰᠦᠮᠡᠯ ᠪᠦᠲᠦᠭᠡᠭᠳᠡᠬᠦᠨ ᠢ ᠬᠢᠨᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ᠃ ᠲᠤᠯᠤᠭ᠎ᠠ ᠳᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠭᠠᠳᠠᠭᠰᠢ ᠨᠡᠭᠡᠭᠡᠯᠳᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠠᠸᠠᠷ ᠤᠨ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠨᠡᠭᠡᠭᠡᠯᠲᠡ ᠶᠢᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠨ᠎ᠡ᠃ ᠰᠲ᠋ᠣᠺ ᠤᠨ ᠵᠢᠭᠠᠯᠲᠠ ᠲᠤᠭ᠎ᠠ ᠶᠢᠨ ᠬᠤᠭᠤᠴᠠᠭᠠᠲᠤ ᠪᠠᠷᠠᠭ᠎ᠠ᠂ ᠤᠯᠤᠰ ᠤᠨ ᠵᠢᠭᠡᠯᠡᠯᠭᠡ ᠶᠢᠨ ᠬᠤᠭᠤᠴᠠᠭᠠᠲᠤ ᠪᠠᠷᠠᠭ᠎ᠠ ᠶᠢ ᠣᠨᠴᠠ ᠲᠣᠭᠲᠠᠭᠰᠠᠨ ᠲᠥᠷᠥᠯ ᠵᠦᠢᠯ ᠤᠨ ᠭᠠᠳᠠᠭᠠᠳᠤ ᠨᠡᠭᠡᠭᠡᠯᠲᠡ ᠳᠤ ᠣᠷᠣᠭᠤᠯᠬᠤ ᠶᠢ ᠰᠤᠳᠤᠯᠤᠨ᠎ᠠ᠃ ᠬᠢᠯᠢ ᠶᠢᠨ ᠭᠠᠳᠠᠨᠠᠬᠢ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠬᠢᠯᠢ ᠶᠢᠨ ᠳᠣᠲᠣᠷᠠᠬᠢ ᠬᠤᠭᠤᠴᠠᠭᠠᠲᠤ ᠪᠠᠷᠠᠭᠠᠨ ᠤ ᠦᠨ᠎ᠡ ᠬᠠᠩᠰᠢ ᠲᠠᠢ ᠬᠤᠯᠪᠣᠭᠳᠠᠭᠤᠯᠤᠭᠰᠠᠨ ᠨᠡᠩ ᠤᠯᠠᠨ ᠮᠥᠩᠭᠦᠨ ᠭᠦᠢᠯᠭᠡᠭᠡᠨ ᠤ ᠦᠢᠯᠡᠳᠬᠦᠨ ᠭᠠᠷᠭᠠᠬᠤ ᠶᠢ ᠵᠥᠪᠰᠢᠶᠡᠷᠡᠨ᠎ᠡ᠃ ᠨᠡᠭᠡᠭᠡᠯᠲᠡᠲᠦ ᠣᠷᠴᠢᠨ ᠨᠥᠬᠦᠴᠡᠯ ᠳᠣᠣᠷᠠᠬᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠨᠠᠢᠮᠠ ᠳᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢ ᠰᠲ᠋ᠣᠺ᠂ ᠵᠢᠭᠡᠯᠡᠯᠭᠡ ᠶᠢᠨ ᠲᠡᠮᠳᠡᠭᠲᠦ᠂ ᠰᠠᠭᠤᠷᠢ ᠮᠥᠩᠭᠦ ᠵᠡᠷᠭᠡ ᠬᠢᠨᠠᠯᠲᠠ ᠬᠠᠮᠢᠶᠠᠷᠤᠯᠲᠠ ᠳᠠᠬᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠯᠤᠭ᠎ᠠ ᠬᠠᠮᠲᠤ ᠪᠠᠷ ᠡᠳ᠋ᠯᠡᠬᠦ ᠢᠢ ᠴᠢᠩᠭᠠᠳᠬᠠᠨ᠎ᠠ᠃ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号