ᠰᠢ ᠶᠢᠨ ᠫᠢᠩ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2024/10/15
   10 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠤᠲᠠᠰᠤ ᠪᠠᠷ ᠶᠠᠷᠢᠯᠴᠠᠪᠠ᠃   ᠰᠢ ᠶᠢᠨ ᠫᠢᠩ᠂ ᠲᠠ ᠶᠡᠷᠦᠩᠬᠡᠶᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ 10 ᠵᠢᠯ ᠤᠨ ᠬᠤᠭᠤᠴᠠᠭᠠᠨ ᠳᠤ ᠳᠤᠮᠳᠠᠳᠤ ᠤᠯᠤᠰ ᠲᠤ 8 ᠤᠳᠠᠭ᠎ᠠ ᠠᠶᠢᠯᠴᠢᠯᠠᠵᠤ᠂ ᠪᠢ ᠲᠠᠨ ᠲᠠᠢ 12 ᠤᠳᠠᠭ᠎ᠠ ᠠᠭᠤᠯᠵᠠᠵᠤ᠂ ᠬᠤᠶᠠᠷ ᠤᠯᠤᠰ ᠢ ᠬᠦᠳᠦᠯᠥᠨ ᠳᠠᠭᠠᠭᠤᠯᠵᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠵᠦ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠠᠶᠢᠭᠤᠯᠪᠠ᠃ ᠲᠠ ᠳᠤᠮᠳᠠᠳᠤ ᠢᠨᠳᠣᠨᠧᠰᠢᠶ᠎ᠠ ᠶᠢᠨ ᠨᠥᠬᠦᠷᠰᠡᠭ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠢᠨᠳᠣᠨᠧᠰᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠳᠤᠮᠳᠠᠳᠤ ᠤᠯᠤᠰ ᠯᠤᠭ᠎ᠠ ᠶᠢᠨ ᠨᠥᠬᠦᠷᠰᠡᠭ ᠲᠦᠷᠦ ᠶᠢᠨ ᠪᠤᠳᠤᠯᠭ᠎ᠠ ᠶᠢ ᠵᠠᠯᠭᠠᠮᠵᠢᠯᠠᠵᠤ᠂ ᠳᠤᠮᠳᠠᠳᠤ ᠢᠨᠳᠣᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠨᠡᠩ ᠥᠨᠳᠥᠷ ᠲᠦᠪᠰᠢᠨ ᠳᠤ ᠬᠦᠷᠭᠡᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠵᠤ᠂ ᠵᠠᠺᠠᠷᠲ᠋ᠠ ᠠᠴᠠ ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠤᠨ ᠦᠷᠭᠦᠯᠵᠢᠯᠡᠬᠦ ᠡᠵᠡᠩᠨᠡᠯᠲᠡ ᠶᠢ ᠰᠠᠶᠢᠲᠤᠷ ᠬᠢᠵᠦ᠂ ᠨᠠᠩ ᠣᠯᠠᠨ ᠬᠠᠮᠲᠤᠷᠠᠯᠴᠠᠭᠠᠨ ᠤ ᠬᠢᠯᠠᠰ ᠴᠡᠭ ᠢ ᠴᠣᠭᠴᠠᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠪᠠᠷ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠠᠰᠢᠭ ᠬᠦᠷᠲᠡᠭᠡᠨ᠎ᠡ᠃ ᠳᠠᠷᠠᠭ᠎ᠠ ᠵᠢᠯ ᠪᠣᠯ ᠪᠠᠨᠳᠦ᠋ᠩ ᠤᠨ ᠬᠤᠷᠠᠯ ᠬᠤᠷᠠᠯᠳᠤᠭᠰᠠᠨ 70 ᠵᠢᠯ ᠤᠨ ᠤᠢ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ ᠪᠠᠨᠳᠦ᠋ᠩ ᠤᠨ ᠵᠣᠷᠢᠭ ᠰᠠᠨᠠᠭ᠎ᠠ ᠶᠢ ᠬᠠᠮᠲᠤ ᠪᠠᠷ ᠪᠠᠳᠠᠷᠠᠭᠤᠯᠵᠤ᠂ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠬᠥᠭᠵᠢᠯᠲᠡ᠂ ᠴᠡᠴᠡᠭᠯᠡᠯ᠂ ᠲᠣᠭᠲᠠᠭᠤᠨ ᠢ ᠠᠬᠢᠭᠤᠯᠤᠨ᠎ᠠ ᠭᠡᠵᠤ ᠴᠢᠬᠤᠯᠠᠴᠢᠯᠠᠵᠠᠢ᠃   ᠽᠦᠸᠧᠺᠧ᠂ ᠥᠩᠭᠡᠷᠡᠭᠰᠡᠨ 10 ᠵᠢᠯ ᠤᠨ ᠲᠤᠷᠰᠢ᠂ ᠪᠢ ᠲᠡᠷᠢᠭᠦᠯᠡᠭᠴᠢ ᠰᠢ ᠶᠢᠨ ᠫᠢᠩ ᠲᠠᠢ ᠭᠦᠨ ᠵᠤᠵᠠᠭᠠᠨ ᠨᠥᠬᠦᠷᠯᠡᠯ ᠪᠠᠶᠢᠭᠤᠯᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠤᠨ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠴᠢᠬᠤᠯᠠ ᠦᠷ᠎ᠡ ᠪᠦᠲᠦᠭᠡᠯ ᠤᠯᠬᠤ ᠶᠢ ᠬᠦᠳᠦᠯᠦᠨ ᠳᠠᠭᠠᠭᠤᠯᠪᠠ᠃ ᠳᠤᠮᠳᠠᠳᠤ ᠤᠯᠤᠰ ᠢᠨᠳᠣᠨᠧᠰᠢᠶ᠎ᠠ ᠶᠢᠨ ᠠᠵᠤ ᠠᠬᠤᠶ ᠶᠢᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠵᠠᠺᠠᠷᠲ᠋ᠠ ᠠᠴᠠ ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠨᠢ ᠬᠤᠶᠠᠷ ᠲᠠᠯ᠎ᠠ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭᠠᠨ ᠤ ᠥᠯᠢᠭᠡᠷ ᠳᠠᠭᠤᠷᠢᠶᠠᠯ ᠪᠣᠯᠵᠠᠶ᠃ ᠢᠨᠳᠣᠨᠧᠰᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠤᠶᠠᠷ ᠤᠯᠤᠰ ᠤᠨ ᠬᠠᠷᠢᠯᠴᠠᠭ᠎ᠠ ᠦᠷᠭᠦᠯᠵᠢᠯᠡᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠬᠤ ᠶᠢ ᠪᠢ ᠢᠲᠡᠭᠡᠵᠦ ᠪᠠᠶᠢᠨ᠎ᠠ ᠭᠡᠵᠤ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号