ᠯᠢ ᠴᠢᠶᠠᠩ ᠫᠠᠺᠢᠰᠲ᠋ᠠᠨ ᠤ ᠳᠡᠭᠡᠳᠦ ᠵᠥᠪᠯᠡᠯᠭᠡᠨ ᠤ ᠲᠡᠷᠢᠭᠦᠯᠡᠭᠴᠢ ᠵᠢᠯᠠᠨᠢ ᠪᠣᠯᠤᠨ ᠤᠯᠤᠰ ᠠᠷᠠᠳ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠰᠠᠳᠢᠺᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/15
   10 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 15 ᠤ ᠡᠳᠦᠷ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠢᠰᠯᠠᠮᠪᠠᠳ ᠫᠠᠺᠢᠰᠲ᠋ᠠᠨ ᠤ ᠳᠡᠭᠡᠳᠦ ᠵᠦᠪᠯᠡᠯᠭᠡᠨ ᠤ ᠳᠡᠷᠢᠬᠦᠯᠡᠭᠴᠢ ᠵᠢᠯᠠᠨᠢ ᠪᠣᠯᠤᠨ ᠤᠯᠤᠰ ᠠᠷᠠᠳ ᠤᠨ ᠵᠦᠪᠯᠡᠯᠭᠡᠨ ᠤ ᠬᠤᠷᠠᠯ ᠤᠨ ᠳᠠᠷᠤᠭ᠎ᠠ ᠰᠠᠳᠢᠺᠧ ᠲᠠᠢ ᠠᠭᠤᠯᠵᠠᠪᠠ᠃    ᠯᠢ ᠴᠢᠶᠠᠩ ᠬᠡᠯᠡᠬᠦ ᠳᠡᠭᠡᠨ᠂ ᠳᠤᠮᠳᠠᠳᠤ ᠫᠠᠺᠢᠰᠲ᠋ᠠᠨ ᠬᠠᠷᠢᠴᠠᠭ᠎ᠠ ᠪᠠᠶᠢᠭᠤᠯᠤᠭᠰᠠᠨ 73 ᠵᠢᠯ ᠤᠨ ᠲᠤᠷᠰᠢ᠂ ᠬᠤᠶᠠᠷ ᠤᠯᠤᠰ ᠤᠨ ᠬᠠᠷᠢᠴᠠᠭ᠎ᠠ ᠢᠮᠠᠭᠲᠠ ᠰᠠᠶᠢᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠭᠰᠠᠭᠠᠷ ᠢᠷᠡᠵᠡᠢ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠦᠷᠭᠦᠯᠵᠢᠯᠡᠨ ᠭᠠᠷ ᠬᠤᠯᠪᠣᠨ ᠤᠷᠤᠭᠰᠢᠯᠠᠵᠤ᠂ ᠲᠡᠷᠢᠭᠦᠯᠡᠭᠴᠢ ᠰᠢ ᠶᠢᠨ ᠫᠢᠩ ᠪᠣᠯᠤᠨ ᠪᠠᠷᠪᠠᠳᠤᠰ ᠤᠨ ᠲᠠᠯ᠎ᠠ ᠶᠢᠨ ᠤᠳᠤᠷᠢᠳᠬᠤ ᠬᠥᠮᠦᠰ ᠤᠨ ᠲᠤᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠣᠯᠠᠨ ᠦᠨᠡᠨ ᠪᠣᠳᠠᠲᠠᠢ ᠠᠰᠢᠭ ᠬᠦᠷᠲᠡᠭᠡᠨ᠎ᠡ ᠭᠡᠵᠦ ᠵᠢᠭᠠᠵᠤ ᠭᠠᠷᠭᠠᠪᠠ᠃    ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨ ᠤ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠣᠯᠤᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠡᠷᠡᠰ ᠳᠡᠮᠵᠢᠨ᠎ᠡ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠬᠠᠮᠲᠤᠪᠠᠷ ᠴᠢᠷᠮᠠᠶᠢᠵᠤ᠂ ᠬᠤᠶᠠᠷ ᠤᠯᠤᠰ ᠤᠨ ᠠᠵᠤ ᠠᠬᠤᠢ ᠶᠢᠨ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢ ᠬᠠᠮᠲᠤ ᠶᠢᠨ ᠠᠵᠢᠯᠯᠠᠭᠠᠨ ᠤ ᠦᠷ᠎ᠡ ᠪᠦᠲᠦᠭᠡᠯ ᠪᠣᠯᠭᠠᠨ ᠲᠠᠰᠤᠷᠠᠯᠲᠠ ᠦᠭᠡᠶ ᠬᠤᠪᠢᠷᠠᠭᠤᠯᠵᠤ᠂ ᠫᠠᠺᠢᠰᠲ᠋ᠠᠨ ᠤ ᠳᠡᠭᠡᠳᠦ ᠵᠥᠪᠯᠡᠯᠭᠡᠨ ᠤ ᠬᠤᠷᠢᠶ᠎ᠠ ᠪᠣᠯᠤᠨ ᠤᠯᠤᠰ ᠠᠷᠠᠳ ᠤᠨ ᠵᠥᠪᠯᠡᠯᠭᠡᠨ ᠤ ᠬᠤᠷᠠᠯ ᠤᠨ ᠬᠤᠶᠠᠷ ᠤᠯᠤᠰ ᠤᠨ ᠬᠠᠷᠢᠴᠠᠭ᠎ᠠ ᠪᠣᠯᠤᠨ ᠬᠠᠮᠲᠤ ᠶᠢᠨ ᠠᠵᠢᠯᠯᠠᠭᠠᠨ ᠤ ᠬᠥᠭᠵᠢᠯᠲᠡ ᠳᠤ ᠰᠠᠶᠢᠨ ᠰᠠᠶᠢᠬᠠᠨ ᠬᠠᠤᠯᠢ ᠴᠠᠭᠠᠵᠠ ᠶᠢᠨ ᠣᠷᠴᠢᠨ ᠲᠣᠭᠤᠷᠢᠨ ᠬᠠᠩᠭᠠᠬᠤ ᠶᠢ ᠬᠦᠰᠡᠨ᠎ᠡ ᠭᠡᠵᠡᠢ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠲᠣᠭᠲᠠᠭᠠᠵᠤ ᠬᠢᠨᠠᠯᠲᠠ ᠲᠠᠯᠪᠢᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠬᠤᠶᠠᠷ ᠤᠯᠤᠰ ᠤᠨ ᠨᠥᠬᠦᠷᠯᠡᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃ ᠫᠠᠺᠢᠰᠲ᠋ᠠᠨ ᠳᠤᠮᠳᠠᠳᠤ ᠤᠯᠤᠰ ᠤᠨ ᠳᠡᠷᠢᠬᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠣᠯᠤᠭᠰᠠᠨ ᠯᠤᠲᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠬᠦᠨᠳᠦᠳᠬᠡᠵᠦ᠂ ᠳᠤᠮᠳᠠᠳᠤ ᠤᠯᠤᠰ ᠤᠨ ᠤᠷᠳᠤ  ᠬᠤᠭᠤᠴᠠᠭᠠᠨ ᠤ ᠲᠤᠷᠰᠢ ᠫᠠᠺᠢᠰᠲ᠋ᠠᠨ ᠤ ᠬᠦᠭᠵᠢᠯᠲᠡ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠴᠢᠩ ᠰᠡᠳᠭᠢᠯ᠎ᠡ ᠠᠴᠠ ᠪᠠᠨ ᠲᠠᠯᠠᠷᠬᠠᠵᠤ ᠪᠠᠶᠢᠨ᠎ᠠ᠃ ᠫᠠᠺᠢᠰᠲ᠋ᠠᠨ ᠤ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ ᠢᠳᠡᠪᠬᠢᠲᠡᠢ ᠣᠷᠣᠯᠴᠠᠵᠤ᠂ ᠳᠤᠮᠳᠠᠳᠤ ᠪᠠᠷᠪᠠᠳᠤᠰ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠬᠦ ᠪᠤᠶᠠᠨ ᠦᠢᠯᠡᠳᠦᠨ᠎ᠡ᠃ ᠫᠠᠺᠢᠰᠲ᠋ᠠᠨ ᠤ ᠵᠥᠪᠯᠡᠯᠭᠡᠨ ᠤ ᠬᠤᠷᠠᠯ ᠪᠣᠯᠤᠨ ᠤᠯᠤᠰ ᠠᠷᠠᠳ ᠤᠨ ᠵᠥᠪᠯᠡᠯᠭᠡᠨ ᠤ ᠬᠤᠷᠠᠯ ᠳᠤᠮᠳᠠᠳᠤ ᠤᠯᠤᠰ ᠯᠤᠭ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠬᠤᠶᠠᠷ ᠤᠯᠤᠰ ᠤᠨ ᠬᠠᠷᠢᠴᠠᠭᠠᠨ ᠤ ᠦᠷᠭᠦᠯᠵᠢᠯᠡᠨ ᠭᠦᠨᠵᠡᠭᠡᠶᠢᠷᠡᠨ ᠬᠥᠭᠵᠢᠬᠦ ᠶᠢ ᠬᠠᠮᠲᠤᠪᠠᠷ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号