ᠯᠢ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/10/15
    ᠰᠢᠨᠬᠤᠸᠠ ᠬᠤᠷᠢᠶᠠᠨ ᠤ ᠢᠰᠯᠠᠮ ᠤᠨ 10 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠡᠷ 10 ᠰᠠᠷ᠎ᠠ ᠶᠢᠨ 14 ᠤ ᠡᠳᠦᠷ᠂ ᠳᠦᠷᠪ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠤᠨ ᠣᠷᠳᠣᠨ ᠳᠤ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽ ᠲᠠᠢ ᠬᠡᠯᠡᠯᠴᠡᠭᠡ ᠬᠢᠪᠡ᠃    ᠯᠢ ᠴᠢᠶᠠᠩ ᠬᠡᠯᠡᠬᠦ ᠳᠡᠭᠡᠨ᠂ ᠳᠤᠮᠳᠠᠳᠤ ᠤᠯᠤᠰ ᠪᠣᠯᠤᠨ ᠫᠠᠺᠢᠰᠲ᠋ᠠᠨ ᠪᠣᠯ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ᠃ ᠡᠨᠡ ᠵᠢᠯ ᠤᠨ 6 ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ᠂ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠤᠬᠠᠢ ᠤᠯᠠᠮ ᠴᠢᠨᠠᠭᠰᠢᠳᠠ ᠲᠥᠯᠥᠪᠵᠢᠭᠦᠯᠭᠡ ᠬᠢᠵᠡᠢ᠃ ᠳᠤᠮᠳᠠᠳᠤ ᠤᠯᠤᠰ ᠢᠮᠡᠭᠲᠠ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠶᠢ ᠲᠤᠰ ᠤᠯᠤᠰ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠵᠤ᠂ ᠳᠤᠷᠠᠲᠠᠶ᠎ᠠ ᠫᠠᠺᠢᠰᠲ᠋ᠠᠨ ᠯᠤᠭ᠎ᠠ  ᠬᠠᠮᠳᠤᠪᠠᠷ ᠬᠤᠶᠠᠷ ᠤᠯᠤᠰ ᠤᠨ ᠤᠳᠤᠷᠢᠳᠬᠤ ᠬᠥᠮᠦᠰ ᠤᠨ ᠴᠢᠬᠤᠯᠠ ᠬᠠᠮᠳᠤ ᠶᠢᠨ ᠳᠠᠨᠢᠯᠳᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠵᠣᠬᠢᠴᠠᠭᠤᠯᠭ᠎ᠠ ᠪᠠᠨ ᠲᠠᠰᠤᠷᠠᠯᠳᠠ ᠦᠭᠡᠢ ᠴᠢᠩᠭᠠᠳᠭᠠᠵᠤ᠂ ᠡᠯ᠎ᠡ  ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠫᠠᠺᠢᠰᠲ᠋ᠠᠨ ᠨᠡᠩ ᠨᠢᠬᠳᠠ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠲᠦᠷᠭᠡᠳᠬᠡᠨ ᠪᠠᠶᠢᠭᠤᠯᠵᠤ᠂ ᠲᠤᠰ ᠲᠤᠰ  ᠤᠨ ᠣᠳᠣᠬᠢᠴᠢᠯᠠᠯᠲᠠ ᠪᠣᠯᠤᠨ ᠦᠨᠳᠦᠰᠦᠳᠡᠨ ᠤ ᠮᠠᠨᠳᠤᠯᠳᠠ ᠶᠢ ᠪᠡᠶᠡᠯᠡᠭᠦᠯᠬᠦ ᠵᠠᠮ ᠳᠡᠭᠡᠷ᠎ᠡ ᠭᠠᠷ ᠬᠤᠯᠪᠣᠯᠴᠠᠨ ᠮᠥᠷᠥ ᠵᠡᠷᠭᠡᠴᠡᠨ ᠯᠠᠪᠳᠠᠭᠤᠨ ᠢᠶᠠᠷ ᠤᠷᠤᠭᠰᠢᠯᠠᠨ᠎ᠠ᠃    ᠯᠢ ᠴᠢᠶᠠᠩ ᠵᠢᠭᠠᠬᠤ ᠳᠤ ᠪᠠᠨ᠂ ᠫᠠᠺᠢᠰᠲ᠋ᠠᠨ ᠤ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠳᠤᠮᠳᠠᠳᠤ ᠤᠯᠤᠰ ᠡᠷᠡᠰ ᠳᠠᠮᠵᠢᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠬᠢᠯ ᠤᠨ ︽ᠳᠡᠰ ᠳᠡᠪᠰᠢᠭᠰᠡᠨ ᠬᠡᠪ︾ ᠢ ᠪᠠᠶᠢᠭᠤᠯᠬᠤ ᠪᠠᠷ ᠭᠤᠣᠯ ᠪᠣᠯᠭᠠᠵᠤ᠂ ᠲᠡᠮᠦᠷ ᠵᠠᠮ᠂ ᠵᠠᠰᠠᠮᠠᠯ ᠵᠠᠮ᠂ ᠭᠠᠷᠠᠮ ᠵᠡᠷᠭᠡ ᠬᠦᠷᠢᠶᠡᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠰ᠂ ᠮᠡᠳᠡᠭᠡ ᠵᠠᠩᠭᠢ ᠶᠢᠨ ᠮᠡᠷᠭᠡᠵᠢᠯ᠂ ᠡᠨᠧᠷᠭᠢ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠫᠠᠺᠢᠰᠲ᠋ᠠᠨ ᠤ ᠬᠠᠮᠲᠤᠷᠠᠯᠴᠠᠭᠠᠨ ᠤ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠥᠷᠭᠡᠨ ᠢᠶᠠᠷ ᠬᠦᠷᠲᠡᠭᠡᠨ᠎ᠡ᠃ ᠫᠠᠺᠢᠰᠲ᠋ᠠᠨ ᠤ ᠬᠢᠨ ᠳᠤᠮᠳᠠᠳᠤ ᠤᠯᠤᠰ ᠤᠨ ᠠᠵᠤ ᠠᠬᠤᠢᠯᠠᠯ ᠳᠤ ᠦᠷᠭᠦᠯᠵᠢᠯᠡᠨ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠬᠠᠩᠭᠠᠵᠤ᠂ ᠫᠠᠺᠢᠰᠲ᠋ᠠᠨ ᠳᠤ ᠪᠠᠶᠢᠭ᠎ᠠ ᠳᠤᠮᠳᠠᠳᠤ ᠤᠯᠤᠰ ᠤᠨ ᠬᠥᠮᠦᠰ᠂ ᠪᠠᠶᠢᠭᠤᠯᠤᠮᠵᠢ᠂ ᠲᠦᠷᠦᠯ ᠵᠦᠢᠯ ᠤᠨ ᠠᠮᠤᠷ ᠳᠦᠪᠰᠢᠨ ᠢ ᠪᠦᠬᠦ ᠬᠦᠴᠦᠨ  ᠢᠶᠠᠷ ᠢᠶᠠᠨ ᠪᠠᠳᠤᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠫᠠᠺᠢᠰᠲ᠋ᠠᠨ ᠤ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠢ ᠡᠷᠡᠰ ᠳᠠᠮᠵᠢᠵᠤ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠵᠤ᠂ ᠫᠠᠺᠢᠰᠲ᠋ᠠᠨ ᠤ ᠲᠠᠯ᠎ᠠ ᠶᠢᠨ ᠬᠢᠨ ᠢ ᠬᠠᠪᠰᠤᠷᠤᠨ ᠰᠦᠷᠳᠡᠭᠦᠯᠦᠯ ᠢ ᠡᠰᠡᠷᠭᠦᠴᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠣᠯᠠᠨ ᠲᠠᠯᠠᠲᠤ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠭᠰᠠᠨ᠂ ᠲᠦᠭᠡᠮᠡᠯ ᠠᠰᠢᠭ ᠬᠦᠷᠲᠡᠭᠡᠵᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠠᠽᠢᠶ᠎ᠠ ᠲᠢᠪ ᠤᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ᠂ ᠭᠠᠵᠠᠷ ᠣᠷᠣᠨ ᠤ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃         ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠳᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ᠂ ᠳᠡᠷᠢᠬᠦᠯᠡᠭᠴᠢ ᠰᠢ ᠶᠢᠨ  ᠫᠢᠩ  ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠣᠯᠤᠭᠰᠠᠨ ᠯᠤᠲᠤ ᠶᠡᠭᠡ ᠬᠦᠭᠵᠢᠯᠲᠡ ᠶᠢᠨ ᠠᠮᠵᠢᠯᠲᠠ  ᠪᠦᠳᠦᠯᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠰᠢᠶᠠᠪᠠᠽ᠂ ᠫᠠᠺᠢᠰᠲ᠋ᠠᠨ ᠳᠤᠮᠳᠠᠳᠤ ᠶᠢᠨ ᠨᠥᠬᠦᠷᠯᠡᠯ ᠰᠠᠯᠬᠢ ᠪᠣᠷᠣᠭᠠᠨ ᠢ ᠲᠤᠭᠤᠯᠤᠨ᠂ ᠡᠪᠳᠡᠷᠡᠰᠢ ᠦᠭᠡᠢ ᠪᠠᠲᠤ ᠪᠠᠬᠢ ᠶᠤᠮ᠂ ᠫᠠᠺᠢᠰᠲ᠋ᠠᠨ ᠳᠤᠮᠳᠠᠳᠤ ᠶᠢᠨ ᠬᠠᠷᠢᠯᠴᠠᠭ᠎ᠠ ᠪᠣᠯ ᠫᠠᠺᠢᠰᠲ᠋ᠠᠨ ᠤ ᠭᠠᠳᠠᠭᠠᠳᠤ ᠬᠠᠷᠢᠯᠴᠠᠭᠠᠨ ᠤ ᠳᠦᠷᠦ ᠶᠢᠨ ᠪᠤᠳᠤᠯᠭ᠎ᠠ ᠶᠢᠨ ᠰᠠᠭᠤᠷᠢ ᠮᠥᠨ᠃ ᠫᠠᠺᠢᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠰᠠᠬᠢᠵᠤ᠂ ᠳᠤᠮᠳᠠᠳᠤ ᠶᠢᠨ ᠲᠠᠯ᠎ᠠ ᠶᠢᠨ ᠲᠠᠶᠢᠸᠠᠨ᠂ ᠲᠥᠪᠡᠳ ᠲᠤ ᠬᠤᠯᠪᠣᠭᠳᠠᠭᠰᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ᠂ ᠡᠮᠦᠨᠡᠲᠦ ᠲᠠᠩᠭᠢᠰ ᠵᠡᠷᠭᠡ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠠᠮᠵᠢᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠳᠤᠮᠳᠠᠳᠤ ᠤᠯᠤᠰ ᠤᠨ ᠤᠷᠲᠤ ᠬᠤᠭᠤᠴᠠᠭᠠᠨ ᠤ ᠲᠤᠷᠰᠢ ᠫᠠᠺᠢᠰᠲ᠋ᠠᠨ ᠤ ᠬᠥᠭᠵᠢᠯᠲᠡ ᠳᠤ ᠬᠠᠩᠭᠠᠭᠰᠠᠨ ᠡᠷᠬᠢᠮ ᠨᠠᠨᠳᠢᠨ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠫᠠᠺᠢᠰᠲ᠋ᠠᠨ ᠤ ᠵᠠᠰᠠᠭ ᠤᠨ ᠣᠷᠳᠣᠨ ᠤᠢᠢᠷ᠎ᠠ ᠳᠤ ᠰᠦᠷᠳᠡᠭᠦᠯᠦᠯ ᠳᠤ ᠤᠴᠠᠷᠠᠭᠰᠠᠨ ᠬᠥᠮᠦᠰ ᠲᠤ ᠳᠠᠬᠢᠨᠲᠠ ᠡᠮᠭᠡᠨᠢᠨ ᠭᠠᠱᠢᠭᠤᠳᠠᠵᠤ ᠪᠠᠶᠢᠬᠤ ᠪᠠᠨ ᠢᠯᠡᠳᠬᠡᠪᠡ᠃ ᠫᠠᠺᠢᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ  ᠬᠠᠮᠳᠤ ᠪᠠᠷ ᠴᠢᠷᠮᠠᠶᠢᠵᠤ᠂ ︽ᠨᠢᠭᠡ ᠪᠦᠰᠡ ᠨᠢᠭᠡ ᠵᠠᠮ︾ ᠶᠢ ᠬᠠᠮᠳᠤ ᠪᠠᠷ ᠪᠠᠶᠢᠭᠤᠯᠬᠤ ᠶᠢᠨ ᠰᠠᠨᠠᠭᠠᠴᠢᠯᠠᠭ᠎ᠠ ᠶᠢᠨ ᠪᠣᠷᠣ ᠳᠦᠯᠦᠪ ᠤᠨ ᠳᠣᠲᠣᠷ᠎ᠠ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ︽ᠳᠡᠰ ᠳᠡᠪᠰᠢᠭᠰᠡᠨ ᠬᠡᠪ︾ ᠢ ᠴᠣᠭᠴᠠᠯᠠᠵᠤ᠂ ᠵᠠᠮ ᠬᠠᠷᠢᠯᠴᠠᠭᠠᠨ ᠤ ᠰᠠᠭᠤᠷᠢ ᠳᠦᠬᠦᠭᠡᠷᠦᠮᠵᠢ  ᠶᠢᠨ ᠬᠤᠯᠪᠣᠯᠳᠤᠨ ᠨᠡᠪᠳᠡᠷᠡᠯᠴᠡᠬᠦ ᠶᠢ ᠲᠦᠷᠭᠡᠳᠬᠡᠵᠦ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠤᠷᠬᠠᠢ ᠶᠢᠨ ᠦᠢᠯᠡᠰ᠂ ᠳᠠᠬᠢᠨ ᠡᠭᠦᠰᠴᠦ ᠪᠣᠯᠬᠤ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ  ᠤᠨ ᠰᠣᠯᠢᠯᠴᠠᠭ᠎ᠠ ᠪᠠᠨ ᠨᠢᠬᠳᠠᠷᠠᠭᠤᠯᠵᠤ᠂ ᠣᠯᠠᠨ ᠲᠠᠯᠠᠲᠤ ᠬᠠᠮᠵᠢᠯᠴᠠᠭ᠎ᠠ ᠶᠢ ᠴᠢᠩᠭᠠᠳᠬᠠᠨ᠎ᠠ᠃    ᠬᠡᠯᠡᠯᠴᠡᠭᠡ ᠠᠴᠠ ᠳᠠᠷᠠᠭᠠᠪᠠᠷ ᠬᠤᠶᠠᠷ ᠤᠯᠤᠰ ᠤᠨ ᠶᠡᠷᠦᠩᠬᠡᠢ ᠰᠠᠶᠢᠳ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠭᠤᠳᠤᠮᠵᠢ᠂ ᠠᠷᠠᠳ ᠤᠨ ᠠᠮᠢᠳᠤᠷᠠᠯ ᠤᠨ ᠲᠤᠰᠠᠯᠠᠮᠵᠢ᠂ ᠰᠢᠨᠵᠢᠯᠡᠬᠦ ᠤᠬᠠᠭᠠᠨ ᠮᠡᠷᠭᠡᠵᠢᠯ᠂ ᠠᠲᠢ ᠲᠧᠯᠧᠢᠰ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠢᠷᠢᠶᠠᠨ ᠳᠠᠬᠢ ᠬᠠᠮᠲᠤᠷᠠᠯᠴᠠᠭᠠᠨ ᠤ ᠪᠢᠴᠢᠭ ᠬᠠᠷ᠎ᠠ ᠶᠢᠨ ᠰᠣᠯᠢᠯᠴᠠᠭᠠᠨ ᠤ ᠶᠣᠰᠣᠯᠠᠯ ᠳᠤ ᠣᠷᠣᠯᠴᠠᠪᠠ᠃    ᠬᠡᠯᠡᠯᠴᠡᠭᠡ ᠠᠴᠠ ᠡᠮᠦᠨ᠎ᠡ᠂ ᠰᠢᠶᠠᠪᠠᠽ ᠯᠢ ᠴᠢᠶᠠᠩ ᠢ ᠤᠭᠲᠤᠬᠤ ᠶᠣᠰᠣᠯᠠᠯ ᠡᠷᠬᠢᠯᠡᠵᠡᠶ᠃    ᠠᠶᠢᠯᠴᠢᠯᠠᠯᠲᠠ ᠶᠢᠨ ᠬᠤᠭᠤᠴᠠᠭᠠᠨ ᠳᠤ ᠬᠤᠶᠠᠷ ᠲᠠᠯ᠎ᠠ ᠪᠠᠷ ᠢᠶᠠᠨ ᠬᠠᠮᠲᠤ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠫᠠᠺᠢᠰᠲ᠋ᠠᠨ ᠤ ᠢᠰᠯᠠᠮ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠳᠡᠯᠡᠪᠡ
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号