ᠲᠦᠯᠢᠶᠡᠮᠤᠳᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
   10 ᠰᠠᠷ᠎ᠠ ᠶᠢᠨ 16 ᠤ ᠡᠳᠦᠷ᠂ ᠲᠦᠯᠢᠶᠡᠮᠤᠳᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠴᠧᠨ ᠰᠢᠶᠣᠤ ᠯᠢᠶᠠᠩ ᠡᠷᠬᠢᠯᠡᠵᠦ᠂ ᠭᠡᠷ ᠲᠡᠭᠡᠨ ᠪᠠᠶᠢᠭ᠎ᠠ ᠨᠠᠮ ᠵᠠᠰᠠᠭ ᠤᠨ ᠪᠠᠭ ᠤᠨ ᠪᠦᠷᠢᠯᠳᠦᠬᠦᠨ᠂ ᠨᠢᠭᠡᠳᠦᠭᠡᠷ ᠠᠩᠭᠢ ᠬᠤᠶᠠᠷ ᠲᠥᠪ ᠤᠨ ᠬᠠᠷᠢᠭᠤᠴᠠᠯᠭᠠᠲᠠᠨ᠂ ᠺᠠᠳ᠋ᠷ ᠠᠵᠢᠯᠲᠠᠨ ᠣᠷᠣᠯᠴᠠᠪᠠ᠃    ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠵᠢᠴᠢ ︽ᠬᠢᠩᠭᠠᠨ ᠠᠶᠢᠮᠠᠭ ᠤᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠢ ᠮᠡᠳᠡᠭᠳᠡᠯ︾ ᠢ ᠤᠯᠠᠮᠵᠢᠯᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠪᠣᠳᠠᠲᠠᠢ ᠱᠠᠭᠠᠷᠳᠠᠯᠭ᠎ᠠ ᠶᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠲᠤᠤᠱᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠨᠢ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠪᠦᠬᠦ ᠲᠠᠯ᠎ᠠ ᠪᠠᠷ ᠲᠠᠨᠢᠵᠤ ᠠᠪᠴᠤ᠂ ᠨᠢᠭᠡ ᠨᠢᠭᠡ ᠪᠠᠷ ᠪᠠᠶᠢᠴᠠᠭᠠᠨ᠂ ᠨᠢᠭᠡ ᠴᠣᠭᠴᠠᠵᠢᠭᠤᠯᠤᠨ ᠰᠤᠳᠤᠯᠵᠤ᠂ ᠳᠠᠩ ᠭᠠᠭᠴᠠ ᠠᠰᠠᠭᠤᠳᠠᠯ ᠳᠤ ᠠᠰᠠᠭᠤᠳᠠᠯ ᠢᠶᠠᠨ ᠣᠨᠣᠪᠴᠢᠲᠠᠢ ᠡᠷᠢᠨ ᠣᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠭᠤᠯᠤᠯ ᠤᠨ ᠥᠭᠡᠷᠡᠴᠢᠯᠡᠯᠲᠡ ᠬᠢᠬᠦ ᠬᠡᠷᠡᠭᠲᠡᠢ᠃ ᠬᠤᠯᠪᠣᠭᠳᠠᠬᠤ ᠠᠰᠠᠭᠤᠳᠠᠯ ᠳᠤ ᠠᠷᠭ᠎ᠠ ᠬᠡᠮᠵᠢᠶ᠎ᠡ ᠲᠣᠭᠲᠠᠭᠠᠵᠤ ᠂ ᠳᠦᠷᠢᠮ ᠲᠣᠭᠲᠠᠭᠠᠯ ᠲᠣᠭᠲᠠᠭᠠᠬᠤ ᠰᠢᠰᠲ᠋ᠧᠮ ᠢᠶᠠᠨ ᠥᠭᠡᠷᠡᠴᠢᠯᠡᠬᠦ ᠬᠡᠷᠡᠭᠲᠡᠢ᠃ ᠬᠠᠷᠢᠭᠤᠴᠠᠯᠭᠠᠲᠤ ᠤᠳᠤᠷᠢᠳᠤᠯᠭ᠎ᠠ ᠬᠥᠲᠥᠯᠥᠨ ᠵᠢᠯᠣᠭᠤᠳᠴᠤ ᠪᠠᠶᠢᠭᠠᠳ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠦᠢᠯ ᠳᠠᠷᠠᠭᠠᠯᠠᠨ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠬᠤ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠷᠠᠯ ᠤᠨ ᠳᠠᠷᠠᠭ᠎ᠠ᠂ ᠪᠠᠯᠭᠠᠰᠤᠨ ᠤ ᠭᠤᠣᠯ ᠤᠳᠤᠷᠢᠳᠤᠯᠭ᠎ᠠ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠳᠤ ᠬᠦᠷᠴᠦ ᠣᠳᠣᠬᠠᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠭᠦᠨᠵᠡᠭᠡᠢ ᠬᠢᠨᠠᠨ ᠵᠢᠯᠣᠭᠤᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号