ᠭᠠᠵᠠᠷ ᠪᠤᠯᠭᠠᠨ ᠳᠤ ᠬᠤᠷᠢᠶᠠᠯᠳᠠ ᠶᠢᠨ ᠮᠠᠰᠢᠨ ᠤ ᠳᠠᠭᠤᠨ ᠬᠠᠩᠬᠢᠨᠠᠨ᠎ᠠ
ᠨᠡᠶᠢᠲᠡᠯᠡᠭᠰᠡᠨ ᠴᠠᠭ᠄
2024/10/16
   ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠵᠠᠷ ᠤᠨ ᠠᠮᠤ ᠪᠤᠳᠠᠭ᠎ᠠ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠲᠠᠷᠢᠶᠠᠴᠢᠨ ᠡᠷᠦᠬᠡ ᠲᠤᠩᠭᠠᠯᠠᠭ ᠠᠭᠤᠷ ᠠᠮᠢᠰᠭᠤᠯ ᠢ ᠵᠠᠪᠳᠤᠨ ᠠᠳᠭᠤᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠣᠯᠪᠠ᠃ ᠭᠤᠣᠯ ᠤᠨ ᠪᠠᠶᠢᠰᠢᠩ ᠪᠠᠯᠭᠠᠰᠤᠨ ᠤ ᠴᠠᠭᠠᠨ ᠲᠣᠯᠣᠭᠠᠢ ᠭᠠᠴᠠᠭᠠᠨ ᠤ ᠲᠠᠷᠢᠶᠠᠨ ᠭᠠᠵᠠᠷ ᠲᠤ᠂ 12000 ᠭᠠᠷᠤᠢ ᠮᠦ ᠤᠰᠤᠨ ᠲᠤᠲᠤᠷᠭ᠎ᠠ ᠰᠠᠯᠬᠢᠨ ᠤ ᠠᠶ᠎ᠠ ᠲᠠᠭᠠᠨ ᠨᠠᠶᠢᠭᠤᠵᠤ᠂ ᠭᠡᠬᠦᠳᠡᠭ ᠳᠦᠭᠦᠷᠡᠩ ᠲᠠᠷᠢᠶᠠᠨ ᠲᠦᠷᠦᠭᠦᠦ ᠨᠢ ᠲᠤᠲᠤᠷᠭ᠎ᠠ ᠶᠢᠨ ᠡᠰᠢ ᠶᠢ ᠳᠠᠷᠤᠵᠤ᠂ ᠰᠢᠨ᠎ᠡ ᠰᠣᠷᠭᠤᠭ ᠲᠤᠲᠤᠷᠭ᠎ᠠ ᠶᠢᠨ ᠦᠨᠦᠷ ᠬᠠᠩᠬᠤᠯᠤᠨ᠎ᠠ᠃ ᠲᠠᠷᠢᠶᠠᠯᠠᠩ ᠤᠨ ᠲᠣᠮᠣ ᠡᠷᠦᠬᠡ ᠶᠠᠩ ᠵᠧᠨ ᠾᠦᠢ ᠬᠠᠳᠤᠵᠤ ᠬᠤᠷᠢᠶᠠᠬᠤ ᠮᠠᠰᠢᠨ ᠵᠢᠯᠣᠭᠤᠳᠴᠤ ᠲᠤᠲᠤᠷᠭ᠎ᠠ ᠶᠢᠨ ᠲᠠᠷᠢᠶᠠᠨ ᠳᠤ ᠨᠠᠰᠢ ᠴᠠᠰᠢ ᠰᠦᠯᠵᠢᠯᠳᠦᠬᠦ ᠶᠢ ᠳᠠᠭᠠᠯᠳᠤᠨ᠂ ᠠᠯᠲᠠᠨ ᠰᠢᠷᠭᠠᠯ ᠲᠤᠲᠤᠷᠭ᠎ᠠ ᠶᠢᠨ ᠡᠰᠢ ᠶᠢ ᠮᠠᠰᠢᠨ ᠳᠤ ᠣᠷᠢᠶᠠᠵᠤ᠂ ᠮᠥᠯᠢᠵᠦ᠂ ᠰᠦᠷᠡᠯ᠂ ᠲᠤᠲᠤᠷᠭ᠎ᠠ ᠶᠢ ᠬᠥᠮᠥᠷᠭᠡ ᠳᠤ ᠤᠷᠤᠭᠤᠯᠵᠤ᠂ ᠨᠢᠭᠡ ᠯᠡ ᠠᠮᠢᠰᠬᠤᠭ᠎ᠠ ᠪᠠᠷ ᠪᠦᠲᠦᠭᠡᠪᠡ᠃ ᠲᠠᠷᠢᠶᠠᠨ ᠤ ᠳᠠᠯᠠᠩ ᠳᠡᠭᠡᠷ᠎ᠡ᠂ ᠲᠠᠷᠢᠶᠠᠯᠠᠩ ᠳᠤ ᠬᠡᠷᠡᠭᠯᠡᠬᠦ ᠲᠡᠷᠭᠡ ᠲᠡᠷᠭᠡᠨ ᠳᠤ ᠠᠴᠢᠶᠠᠯᠠᠬᠤ ᠶᠢ ᠬᠦᠯᠢᠶᠡᠵᠦ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠨ᠎ᠠ᠃ ᠶᠠᠩ ᠵᠧᠨ ᠾᠦᠢ ᠰᠤᠷᠪᠤᠯᠵᠢᠯᠠᠭᠴᠢ ᠳᠤ᠄ ︽ᠡᠨᠡ ᠵᠢᠯ ᠤᠨ ᠤᠰᠤᠨ ᠲᠤᠲᠤᠷᠭ᠎ᠠ ᠶᠢᠨ ᠬᠤᠷᠢᠶᠠᠯᠲᠠ ᠨᠡᠯᠢᠶᠡᠳ ᠰᠠᠶᠢᠨ᠂ ᠨᠡᠶᠢᠲᠡ 900 ᠮᠦ ᠳᠠᠷᠢᠶ᠎ᠠ ᠲᠠᠷᠢᠵᠠᠢ᠂ ᠮᠦ ᠪᠦᠷᠢ 1400 ᠭᠠᠷᠤᠢ ᠵᠢᠩ ᠲᠤᠲᠤᠷᠭ᠎ᠠ ᠬᠤᠷᠢᠶᠠᠳᠠᠭ᠃ ᠪᠠᠷᠤᠭ ᠨᠢᠭᠡ ᠭᠠᠷᠠᠭ ᠬᠠᠳᠤᠵᠤ ᠬᠤᠷᠢᠶᠠᠴᠢᠬᠠᠳᠠᠭ ᠶᠤᠮ ︾ ᠭᠡᠪᠡ᠃    ᠪᠠᠶᠠᠨᠨᠠᠭᠤᠷ ᠰᠤᠮᠤ ᠶᠢᠨ ᠬᠤᠯᠪᠣᠭᠠᠲᠤ ᠭᠠᠴᠠᠭᠠᠨ ᠤ ᠲᠠᠷᠢᠶᠠᠨ ᠭᠠᠵᠠᠷ ᠲᠤ ᠬᠦᠷᠬᠦ ᠳᠤ᠂ ᠬᠤᠸᠠᠩ ᠴᠧᠩ ᠴᠧᠩ ᠤᠨ ᠲᠠᠷᠢᠶᠠᠨ ᠲᠦᠷᠦᠭᠦᠦ ᠳᠦᠭᠦᠷᠴᠦ᠂ ᠨᠢᠳᠦ ᠳᠦᠭᠦᠷᠡᠩ ᠠᠯᠲᠠᠨ ᠰᠢᠷᠭᠠᠯ ᠥᠩᠭᠡ ᠳᠦᠭᠦᠷᠡᠩ ᠪᠠᠶᠢᠯ᠎ᠠ᠃ ᠨᠠᠷᠢᠮᠤ ᠲᠠᠷᠢᠬᠤ᠂ ᠤᠰᠤ ᠠᠷᠪᠢᠯᠠᠬᠤ᠂ ᠪᠣᠷᠳᠣᠭᠤᠷ ᠠᠷᠪᠢᠯᠠᠬᠤ ᠠᠴᠠ ᠪᠣᠯᠵᠤ᠂ ᠭᠠᠴᠠᠭᠠᠨ ᠤ ᠨᠠᠮ ᠤᠨ ᠡᠭᠦᠷ ᠤᠨ ᠱᠦᠵᠢ ᠭᠤᠣ ᠯᠢ ᠵᠢᠶᠦ᠋ᠨ ᠨᠠᠷᠢᠮᠤ ᠲᠠᠷᠢᠬᠤ ᠵᠠᠮ ᠳᠡᠭᠡᠷ᠎ᠡ ᠢᠲᠡᠭᠡᠯ ᠲᠡᠭᠦᠯᠳᠡᠷ ᠪᠣᠯᠵᠤ᠂ ᠡᠷᠭᠢᠨ ᠲᠣᠭᠤᠷᠢᠨ ᠤ 4 ᠭᠠᠴᠠᠭ᠎ᠠ ᠶᠢ ᠳᠠᠶᠢᠴᠢᠯᠠᠨ ᠨᠠᠷᠢᠮᠤ ᠲᠠᠷᠢᠬᠤ ᠡᠩᠨᠡᠭᠡᠨ ᠳᠤ ᠣᠷᠣᠭᠤᠯᠵᠤ᠂ ᠨᠡᠶᠢᠲᠡ 13000 ᠭᠠᠷᠤᠢ ᠮᠦ ᠲᠠᠷᠢᠵᠤ᠂ ᠬᠤᠷᠢᠶᠠᠭᠰᠠᠨ ᠨᠠᠷᠢᠮᠤ ᠶᠢ ᠴᠥᠮ ᠮᠤᠵᠢ ᠶᠢᠨ ᠭᠠᠳᠠᠨᠠᠬᠢ ᠪᠤᠳᠠᠭᠠᠨ ᠤ ᠦᠢᠯᠡᠳᠪᠦᠷᠢ ᠳᠤ ᠨᠢᠭᠡᠳᠦᠯᠲᠡᠢ ᠬᠦᠷᠭᠡᠵᠦ ᠬᠤᠳᠠᠯᠳᠤᠬᠤ ᠪᠣᠯᠤᠨ᠎ᠠ᠃ ︽ᠭᠠᠴᠠᠭ᠎ᠠ ᠨᠢ ᠡᠷᠭᠢᠨ ᠲᠣᠭᠤᠷᠢᠨ ᠤ 4 ᠭᠠᠴᠠᠭ᠎ᠠ ᠶᠢ ᠳᠠᠶᠢᠴᠢᠯᠠᠨ 13000 ᠮᠦ ᠭᠠᠷᠤᠢ ᠮᠦ ᠨᠠᠷᠢᠮᠤ ᠲᠠᠷᠢᠵᠤ᠂ ᠣᠳᠣ ᠨᠢᠭᠡᠨᠲᠡ 600 ᠭᠠᠷᠤᠢ ᠲᠣᠨ ᠬᠤᠷᠢᠶᠠᠨ ᠠᠪᠴᠤ᠂ ᠵᠢᠱᠢᠯᠲᠡ ᠪᠠᠷ 10 ᠡᠳᠦᠷ ᠪᠦᠬᠦᠨ ᠢ ᠬᠤᠷᠢᠶᠠᠨ ᠠᠪᠴᠤ᠂ ᠳᠥᠷᠪᠡᠨ ᠬᠠᠳᠤᠵᠤ ᠬᠤᠷᠢᠶᠠᠬᠤ ᠮᠠᠰᠢᠨ ᠲᠠᠢ ᠪᠣᠯᠪᠠᠯ ᠬᠠᠮᠲᠤ ᠳᠤᠨᠢ ᠠᠵᠢᠯᠯᠠᠵᠤ᠂ ᠡᠨᠡ ᠵᠢᠯ ᠪᠣᠷᠣᠭᠠᠨ ᠤ ᠤᠰᠤ ᠨᠡᠯᠢᠶᠡᠳ ᠰᠠᠶᠢᠨ ᠪᠠᠶᠢᠵᠤ᠂ ᠮᠦ ᠪᠦᠷᠢ ᠶᠢᠨ ᠤᠨᠠᠯᠲᠠ ᠪᠠᠷᠤᠭ 900 ᠵᠢᠩ ᠣᠷᠴᠢᠮ ᠪᠠᠶᠢᠵᠤ᠂ ᠪᠤᠰᠤᠳ ᠲᠠᠷᠢᠮᠠᠯ ᠤᠨ ᠦᠷ᠎ᠡ ᠠᠰᠢᠭ ᠠᠴᠠ ᠨᠡᠩ ᠰᠠᠶᠢᠨ ᠪᠣᠯᠤᠨ᠎ᠠ︾᠃ ᠪᠠᠶᠠᠨᠨᠠᠭᠤᠷ ᠰᠤᠮᠤ ᠭᠠᠴᠠᠭᠠᠨ ᠤ ᠨᠠᠮ ᠤᠨ ᠡᠭᠦᠷ ᠤᠨ ᠱᠦᠵᠢ ᠭᠤᠤ ᠯᠢ ᠵᠢᠶᠦ᠋ᠨ ᠬᠡᠯᠡᠪᠡ᠃     ᠨᠠᠮᠤᠷ ᠤᠨ ᠬᠤᠷᠢᠶᠠᠯᠲᠠ ᠶᠢᠨ ᠲᠠᠷᠢᠶᠠᠨ ᠠᠵᠢᠯ ᠤᠨ ᠶᠠᠭᠠᠷᠠᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠤᠷᠢᠳᠴᠢᠯᠠᠨ ᠲᠥᠯᠥᠪᠯᠡᠵᠦ᠂ ᠤᠷᠢᠳᠠᠪᠠᠷ ᠪᠠᠶᠢᠷᠢᠯᠠᠭᠤᠯᠵᠤ᠂ ᠴᠠᠭ ᠠᠭᠤᠷ ᠤᠨ ᠪᠠᠶᠢᠳᠠᠯ ᠪᠠ ᠬᠠᠳᠤᠵᠤ ᠬᠤᠷᠢᠶᠠᠬᠤ ᠠᠬᠢᠴᠠ ᠶᠢ ᠴᠠᠭ ᠢᠮᠠᠭᠲᠠ ᠠᠩᠬᠠᠷᠴᠤ᠂ ᠠᠵᠢᠯᠲᠠᠨ᠂ ᠲᠠᠷᠢᠶᠠᠯᠠᠩ ᠳᠤ ᠬᠡᠷᠡᠭᠯᠡᠬᠦ ᠮᠠᠰᠢᠨ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠵᠣᠬᠢᠴᠠᠭᠤᠯᠤᠨ ᠵᠣᠬᠢᠶᠠᠨ ᠪᠠᠶᠢᠭᠤᠯᠵᠤ᠂ ᠪᠦᠬᠦ ᠲᠣᠰᠬᠤᠨ ᠤ ᠨᠠᠮᠤᠷ ᠤᠨ ᠬᠤᠷᠢᠶᠠᠯᠲᠠ ᠨᠠᠮᠤᠷ ᠤᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠪᠠ᠃ ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠠᠮᠤ ᠪᠤᠳᠠᠭ᠎ᠠ ᠲᠠᠷᠢᠬᠤ ᠲᠠᠯᠠᠪᠠᠢ 346.84 ᠲᠦᠮᠡᠨ ᠮᠦ ᠪᠠᠶᠢᠨ᠎ᠠ᠃ ᠡᠭᠦᠨ ᠳᠤ ᠡᠷᠳᠡᠨᠢ ᠰᠢᠰᠢ 228.11 ᠲᠦᠮᠡᠨ ᠮᠦ᠂ ᠰᠢᠷ᠎ᠠ ᠪᠤᠷᠴᠠᠭ 90.29 ᠲᠦᠮᠡᠨ ᠮᠦ᠂ ᠤᠰᠤᠨ ᠲᠤᠲᠤᠷᠭ᠎ᠠ 9.93 ᠲᠦᠮᠡᠨ ᠮᠦ᠂ ᠪᠤᠭᠤᠳᠠᠢ 1.6 ᠲᠦᠮᠡᠨ ᠮᠦ᠂ ᠲᠥᠮᠥᠰᠥ 3.36 ᠲᠦᠮᠡᠨ ᠮᠦ᠂ ᠡᠯᠳᠡᠪ ᠠᠮᠤ ᠪᠤᠷᠴᠠᠭ ᠤᠨ ᠲᠥᠷᠥᠯ 13.55 ᠲᠦᠮᠡᠨ ᠮᠦ᠃ ᠡᠭᠦᠨ ᠳᠤ ᠡᠷᠳᠡᠨᠢ ᠰᠢᠰᠢ ᠶᠢᠨ ᠵᠢᠱᠢᠯᠲᠡ ᠪᠠᠷ ᠶᠡᠷᠦᠩᠬᠡᠢ ᠤᠨᠠᠯᠲᠠ 110 ᠲᠦᠮᠡᠨ ᠲᠣᠨ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 25 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号