10 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ ᠠᠶᠢᠮᠠᠭ ᠤᠨ ᠵᠢᠯᠣᠭᠤᠳᠬᠤ ᠳᠤᠭᠤᠶᠢᠯᠠᠩ ᠤᠨ 2024 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ | ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ | ᠬᠡᠷᠡᠭᠲᠡᠢ᠃ ︽ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢ ᠪᠠᠬᠢᠵᠢᠭᠦᠯᠬᠦ ᠶᠢ ᠴᠢᠩᠭ᠎ᠠ | ᠠᠩᠬᠠᠷᠴᠤ᠂ ᠠᠵᠢᠯ ᠤᠨ ᠳᠤᠮᠳᠠᠬᠢ ︽ᠳᠤᠲᠠᠭᠳᠠᠯ︾᠂ ︽ᠪᠠᠭᠤᠷᠠᠢ ᠲᠠᠯ᠎ᠠ︾᠂ ︽ᠠᠶᠤᠯ ᠲᠦᠭᠰᠢᠭᠦᠷᠢ ᠶᠢᠨ ᠴᠡᠭ | ︾ ᠲᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠪᠣᠳᠠᠲᠠᠢ ᠵᠠᠯᠠᠷᠠᠭᠤᠯᠵᠤ᠂ ᠦᠨᠡᠨᠬᠦ | ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠢᠳᠡᠪᠬᠢᠲᠡᠢ ᠪᠠᠷ ᠠᠵᠢᠯᠯᠠᠵᠤ᠂ ᠳᠤᠲᠠᠭᠤᠳᠠᠯ ᠢ ᠨᠥᠬᠦᠪᠥᠷᠢᠯᠡᠵᠦ᠂ ᠠᠵᠢᠯ ᠤᠨ ᠶᠠᠰᠤ ᠴᠢᠨᠠᠷ | ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠯ᠎ᠡ ᠵᠦᠢᠯ ᠤᠨ | ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠡᠮᠬᠢᠯᠡᠵᠦ᠂ ᠳᠠᠬᠢᠨ ᠶᠠᠳᠠᠭᠤᠷᠠᠬᠤ | ᠠᠶᠤᠯ ᠲᠦᠭᠰᠢᠭᠦᠷᠢ ᠲᠠᠢ ᠣᠯᠠᠨ ᠲᠦᠮᠡᠨ ᠢ ᠴᠠᠭ ᠲᠤᠬᠠᠢ ᠳᠤᠨᠢ ᠢᠯᠡᠷᠡᠭᠦᠯᠵᠦ᠂ ᠲᠤᠰᠢᠶᠠᠪᠠᠰᠤ ᠵᠣᠬᠢᠬᠤ ᠶᠢ ᠨᠢ | ᠪᠦᠬᠦᠨ ᠢ ᠪᠠᠭᠲᠠᠭᠠᠵᠤ᠂ ᠡᠷᠲᠡ ᠢᠯᠡᠷᠡᠭᠦᠯᠬᠦ᠂ ᠡᠷᠲᠡ ᠬᠠᠮᠢᠶᠠᠷᠬᠤ᠂ ᠡᠷᠲᠡ ᠬᠠᠪᠰᠤᠷᠤᠨ ᠲᠡᠳᠬᠦᠬᠦ ᠶᠢ ᠦᠨᠡᠨᠬᠦ | ᠪᠡᠶᠡᠯᠡᠭᠦᠯᠵᠦ᠂ ᠲᠣᠭᠲᠠᠴᠠ ᠶᠢᠨ ᠲᠠᠯ᠎ᠠ ᠠᠴᠠ ᠣᠯᠠᠨ ᠲᠦᠮᠡᠨ ᠤ ᠠᠰᠢᠭ ᠲᠤᠰᠠ ᠶᠢ ᠪᠠᠲᠤᠯᠠᠬᠤ ᠬᠡᠷᠡᠭᠲᠡᠢ᠃ | ᠣᠷᠣᠯᠭ᠎ᠠ ᠪᠠᠭᠠᠲᠠᠢ ᠬᠥᠮᠦᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠣᠷᠣᠯᠭ᠎ᠠ | ᠪᠠᠭᠠᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠂ ᠠᠪᠤᠷᠠᠨ ᠲᠤᠰᠠᠯᠠᠬᠤ | ᠪᠦᠷᠬᠦᠴᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠶᠠᠳᠠᠭᠤᠷᠠᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠵᠢᠯᠣᠭᠤᠳᠣᠯᠭ᠎ᠠ ᠶᠢ ᠴᠢᠩᠭᠠᠳᠬᠠᠵᠤ᠂ ᠣᠯᠠᠨ ᠲᠦᠮᠡᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠯᠵᠢᠯᠲᠡ ᠶᠢᠨ ᠬᠤᠭᠤᠴᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠤ ᠲᠥᠷᠥ ᠶᠢᠨ | ᠪᠣᠳᠣᠯᠭ᠎ᠠ ᠶᠢ ᠣᠶᠢᠯᠠᠭᠠᠬᠤ ᠨᠣᠷᠮ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠨᠠᠮᠤᠷ ᠡᠪᠦᠯ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ | ᠤᠨᠲᠠᠷᠠᠭᠠᠬᠤ᠂ 12345 ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠤᠲᠠᠰᠤ᠂ ᠴᠢᠬᠤᠯᠠ ᠶᠡᠭᠡ | ᠲᠥᠷᠥᠯ ᠵᠦᠢᠯ ᠵᠢᠴᠢ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠤᠨ ᠳᠠᠷᠠᠭ᠎ᠠ ᠬᠤᠷᠠᠯ ᠳᠤ ᠣᠷᠣᠯᠴᠠᠭᠰᠠᠳ ᠲᠤ ᠲᠤᠰᠬᠠᠢ ᠰᠡᠳᠦᠪᠲᠦ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃ |