ᠼᠠᠢ ᠪᠦᠦ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
   10 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠴᠤᠭᠯᠠᠭᠤᠯᠬᠤ ᠠᠷᠭ᠎ᠠ ᠵᠠᠮ ᠢ ᠪᠦᠲᠦᠮᠵᠢᠲᠡᠢ ᠥᠷᠭᠡᠳᠬᠡᠵᠦ᠂ ᠰᠦᠪᠡᠭᠴᠢ ᠶᠢ ᠬᠢᠨᠠᠨ ᠪᠠᠶᠢᠴᠠᠭᠠᠬᠤ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠰᠦᠪᠡᠭᠴᠢ ᠶᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠤᠯᠤᠰ ᠲᠥᠷᠥ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠳᠡᠭᠡᠳᠦ ᠬᠡᠮᠵᠢᠶᠡᠨ ᠤ ᠨᠢᠭᠡᠳᠦᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠡᠭᠴᠡᠯᠡᠨ ᠵᠠᠰᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠵᠢᠷᠤᠮᠵᠢᠭᠤᠯᠤᠨ ᠬᠠᠮᠢᠶᠠᠷᠬᠤ᠂ ᠭᠤᠣᠯᠳᠠᠯᠭ᠎ᠠ ᠲᠠᠢ ᠬᠢᠨᠠᠨ ᠡᠵᠡᠮᠳᠡᠬᠦ ᠵᠡᠷᠭᠡ ᠡᠳᠦᠷ ᠲᠤᠲᠤᠮ ᠤᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠤᠷ᠎ᠠ ᠪᠠᠷ ᠢᠶᠠᠨ ᠮᠠᠭᠤ ᠪᠣᠯᠬᠤ ᠬᠠᠨᠳᠤᠰᠢ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠦᠨ ᠡᠵᠡᠮᠰᠢᠵᠦ᠂ ᠭᠦᠨᠵᠡᠭᠡᠢ ᠰᠤᠳᠤᠯᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠬᠠᠤᠯᠢᠵᠢᠯᠲᠠ᠂ ᠵᠢᠷᠤᠮᠵᠢᠯᠲᠠ᠂ ᠲᠤᠰᠬᠠᠶᠢᠵᠢᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠠᠷᠠᠳ ᠣᠯᠠᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠪᠠ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠬᠦᠴᠦᠯᠡᠨ ᠪᠣᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠶᠢ ᠪᠠᠲᠤᠯᠠᠵᠤ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号