ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠤᠮᠠᠷᠠᠲᠤ ᠬᠢᠯᠢ ᠶᠢ ᠮᠠᠭᠲᠠᠨ ᠳᠠᠭᠤᠯᠠᠵᠤ ᠡᠬᠡ ᠤᠯᠤᠰ ᠢᠶᠠᠨ ᠮᠠᠭᠲᠠᠨ ᠳᠠᠭᠤᠯᠠᠬᠤ︾ ᠪᠦᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ ᠤ ᠨᠠᠶᠢᠷᠠᠯ ᠳᠠᠭᠤᠤ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/10/16
   ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠴᠠᠭ ᠦᠶ᠎ᠡ ᠶᠢᠨ ᠭᠤᠣᠯ ᠬᠥᠭ ᠠᠶᠠᠰ ᠢ ᠴᠢᠪᠬᠠᠳᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠬᠤᠪᠢᠰᠬᠠᠯ ᠤᠨ ᠰᠣᠩᠭᠤᠳᠠᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠤᠮᠠᠷᠠᠲᠤ ᠬᠢᠯᠢ ᠶᠢ ᠮᠠᠭᠲᠠᠨ ᠳᠠᠭᠤᠯᠠᠵᠤ ᠡᠬᠡ ᠤᠯᠤᠰ ᠢᠶᠠᠨ ᠮᠠᠭᠲᠠᠨ ᠳᠠᠭᠤᠯᠠᠬᠤ︾ ᠪᠦᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ ᠤ ᠨᠠᠶᠢᠷᠠᠯ ᠳᠠᠭᠤᠤ ᠶᠢᠨ ᠤᠷᠤᠯᠳᠤᠭᠠᠨ ᠡᠷᠬᠢᠯᠡᠪᠡ᠃    ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠠᠩᠭᠢ ᠲᠡᠷᠢ ᠲᠡᠭᠰᠢ ᠬᠤᠪᠴᠠᠰᠤ ᠬᠤᠨᠠᠷ ᠢᠶᠠᠨ ᠡᠮᠦᠰᠴᠦ᠂ ᠴᠤᠭ ᠵᠢᠪᠬᠤᠭ᠎ᠠ ᠪᠠᠳᠠᠷᠠᠩᠭᠤᠢ ᠪᠠᠶᠢᠯ᠎ᠠ᠃ ᠤᠷᠤᠯᠳᠤᠭᠠᠨ ᠳᠤ ᠣᠷᠣᠯᠴᠠᠭᠰᠠᠨ ᠦ ᠸᠠᠢ ᠮᠠᠷᠱᠠᠯ ᠳᠠᠭᠤᠤ ᠰᠣᠩᠭᠤᠬᠤ᠂ ᠳᠠᠭᠤᠯᠠᠬᠤ ᠤᠷ᠎ᠠ ᠮᠡᠷᠭᠡᠵᠢᠯ ᠭᠡᠰᠡᠨ ᠦᠭᠡᠢ᠂ ᠡᠰᠡᠬᠦᠯ᠎ᠡ ᠲᠠᠶᠢᠰᠠᠨ ᠤ ᠢᠯᠡᠷᠡᠯ ᠭᠡᠰᠡᠨ ᠦᠭᠡᠢ ᠴᠥᠮ ᠮᠠᠰᠢ ᠥᠨᠳᠥᠷ ᠬᠢᠷᠢ ᠲᠦᠪᠰᠢᠨ ᠢᠶᠠᠨ ᠢᠯᠡᠷᠡᠭᠦᠯᠪᠡ᠃ ᠲᠡᠳᠡ ᠡᠬᠡ ᠤᠯᠤᠰ ᠤᠨ ᠢᠶᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠭᠤᠤ ᠶᠢᠨ ᠠᠶᠠᠰ ᠢᠶᠠᠷ ᠡᠬᠡ ᠤᠯᠤᠰ ᠢᠶᠠᠨ ᠮᠠᠭᠲᠠᠨ ᠳᠠᠭᠤᠯᠠᠪᠠ᠃ ᠲᠤᠬᠠᠢ ᠶᠢᠨ ᠲᠠᠯᠠᠪᠠᠢ ᠶᠢᠨ ᠦᠵᠡᠭᠴᠢᠳ ᠡᠨᠡᠬᠦ ᠳᠠᠭᠤᠤ ᠬᠥᠭᠵᠢᠮ ᠤᠨ ᠠᠭᠤᠷ ᠠᠮᠢᠰᠬᠤᠯ ᠤᠨ ᠳᠤᠮᠳᠠ ᠪᠠᠶᠢᠨ ᠪᠠᠶᠢᠨ ᠬᠠᠯᠠᠭᠤᠨ ᠠᠯᠠᠭ᠎ᠠ ᠲᠡᠰᠢᠯᠲᠡ ᠪᠣᠯᠤᠨ ᠤᠷᠠᠢ ᠬᠠᠰᠬᠢᠷᠬᠤ ᠳᠠᠭᠤᠨ ᠭᠠᠷᠪᠠ᠃ ᠨᠠᠶᠢᠷᠠᠯ ᠳᠠᠭᠤᠤ ᠶᠢᠨ ᠤᠷᠤᠯᠳᠤᠭᠠᠨ ᠳᠤ ᠨᠡᠶᠢᠲᠡ 37 ᠰᠠᠯᠠᠭ᠎ᠠ ᠮᠥᠴᠢᠷ᠂ 20 ᠲᠥᠯᠥᠭᠡᠯᠡᠭᠴᠢᠳ ᠤᠨ ᠠᠩᠭᠢ ᠣᠷᠣᠯᠴᠠᠵᠤ᠂ ᠨᠡᠶᠢᠲᠡ 900 ᠭᠠᠷᠤᠢ ᠺᠠᠳ᠋ᠷ ᠠᠵᠢᠯᠲᠠᠨ ᠣᠷᠣᠯᠴᠠᠵᠤ᠂ ᠣᠯᠠᠨ ᠡᠭᠡᠯᠵᠢ ᠶᠢᠨ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠨ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠡᠳᠦᠢ ᠲᠡᠳᠦᠢ ᠨᠡᠷᠡᠰ ᠢ ᠰᠢᠯᠭᠠᠷᠠᠭᠤᠯᠪᠠ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠨᠠᠶᠢᠷᠠᠯ ᠳᠠᠭᠤᠤ ᠶᠢᠨ ᠤᠷᠤᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠭᠰᠠᠨ ᠢᠶᠠᠷ ᠪᠠᠷᠠᠬᠤ ᠦᠭᠡᠢ᠂ ᠨᠠᠶᠢᠷᠠᠯ ᠳᠠᠭᠤᠤ ᠶᠢᠨ ᠤᠷᠤᠯᠳᠤᠭᠠᠨ ᠨᠢ ᠣᠯᠠᠨ ᠳᠤ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠭᠦᠭᠰᠡᠨ ᠪᠥᠭᠡᠳ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠵᠢᠴᠢ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠨᠡᠩ ᠬᠥᠭᠵᠢᠭᠡᠵᠦ᠂ ᠣᠯᠠᠨ ᠢ ᠵᠣᠷᠢᠭᠵᠢᠭᠤᠯᠤᠨ ᠪᠦᠯᠬᠦᠮᠳᠡᠨ ᠨᠢᠭᠡᠳᠴᠦ᠂ ᠡᠷᠡᠮᠡᠬᠡᠶᠢᠯᠡᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠭᠤᠯᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号