ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ︽ᠬᠢᠴᠢᠶᠡᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠥᠮᠦᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ︾ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
   ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠴᠢᠶᠡᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ︽ᠬᠢᠴᠢᠶᠡᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠥᠮᠦᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ︾ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃    ᠠᠵᠢᠯᠯᠠᠭ᠎ᠠ ᠶᠢᠨ ᠳᠤᠮᠳᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠵᠢᠴᠢ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢ ᠪᠠᠶᠠᠨᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ︽ᠨᠡᠷᠡᠨ ᠭᠡᠷᠡᠯᠲᠦ ᠶᠡᠭᠡ ᠬᠢᠴᠢᠶᠡᠯ ᠤᠨ ᠲᠠᠰᠤᠯᠭ᠎ᠠ︾ ᠪᠣᠯᠤᠨ ᠪᠢᠨ ᠹᠧᠩ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠳᠡᠰ ᠳᠠᠷᠠᠭᠠᠯᠠᠨ ᠲᠣᠭᠤᠷᠢᠨ ᠦᠵᠡᠵᠦ᠂ ᠬᠢᠴᠢᠶᠡᠯ ᠤᠨ ᠪᠠᠶᠢᠭᠤᠯᠤᠯᠲᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠵᠦ᠂ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠶᠢᠨ ᠣᠨᠴᠠᠯᠢᠭᠲᠤ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠣᠨᠴᠠᠯᠢᠭᠲᠤ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠦᠵᠡᠭᠦᠯᠦᠯᠭᠡ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠢᠴᠢᠶᠡᠯ ᠤᠨ ᠪᠠᠶᠢᠭᠤᠯᠤᠯᠲᠠ ᠶᠢᠨ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ ᠬᠤᠷᠠᠯ ᠬᠤᠷᠠᠯᠳᠤᠭᠤᠯᠪᠠ᠃ ᠪᠠᠶᠠᠨᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ︽ᠥᠩᠭᠡ ᠪᠦᠷᠢ ᠶᠢᠨ ᠴᠡᠴᠡᠭ ᠢᠶᠠᠷ ᠠᠮᠢ ᠨᠠᠰᠤᠨ ᠤ ᠴᠤᠭ ᠵᠢᠪᠬᠤᠭ᠎ᠠ ᠶᠢ ᠪᠠᠳᠠᠷᠠᠭᠤᠯᠬᠤ︾ ᠪᠠᠷ ᠭᠤᠣᠯ ᠰᠡᠳᠦᠪ ᠪᠣᠯᠭᠠᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠥᠪᠡᠭᠴᠢᠯᠡᠯᠲᠡ ᠪᠠ ᠦᠢᠯᠡᠳᠦᠯᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠲᠤᠷᠰᠢᠯᠭ᠎ᠠ ᠪᠠ ᠠᠷᠭ᠎ᠠ ᠬᠢᠳᠡᠯ ᠢ ᠬᠤᠪᠢᠶᠠᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠠᠨᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ︽ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢᠨ ᠲᠤᠷᠰᠢᠯᠲᠠ ᠶᠢᠨ ᠰᠤᠷᠭᠠᠭᠤᠯᠢ ᠪᠣᠯᠤᠭᠰᠠᠨ ᠤ ᠬᠤᠪᠢ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠪᠦᠬᠦ ᠬᠤᠰᠢᠭᠤᠨ ᠤ ᠡᠯ᠎ᠡ ᠰᠤᠷᠭᠠᠭᠤᠯᠢ ᠲᠤᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠬᠢᠴᠢᠶᠡᠯ ᠤᠨ ᠲᠥᠰᠦᠯ ᠢᠶᠠᠨ ᠲᠡᠭᠦᠯᠳᠡᠷᠵᠢᠭᠦᠯᠵᠦ᠂ ︽ᠨᠢᠭᠡ ᠰᠤᠷᠭᠠᠭᠤᠯᠢ ᠨᠢᠭᠡ ᠲᠥᠰᠦᠯ︾ ᠢ ᠨᠠᠶᠢᠳᠠᠪᠤᠷᠢᠵᠢᠭᠤᠯᠤᠨ᠂ ᠣᠨᠴᠠᠯᠢᠭᠲᠤ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠢᠭᠠᠨ ᠰᠤᠷᠭᠠᠯᠲᠠ ᠶᠢᠨ ᠪᠠ ᠰᠤᠷᠤᠯᠴᠠᠬᠤ ᠠᠷᠭ᠎ᠠ ᠬᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠬᠢᠴᠢᠶᠡᠯ ᠤᠨ ᠵᠢᠭᠠᠨ ᠰᠤᠷᠭᠠᠯᠲᠠ ᠶᠢᠨ ᠦᠨᠡᠯᠡᠯᠲᠡ ᠶᠢ ᠴᠢᠩᠭᠠᠳᠬᠠᠨ᠂ ᠦᠨᠡᠯᠡᠵᠦ ᠬᠥᠮᠦᠨ ᠬᠥᠮᠦᠵᠢᠭᠦᠯᠬᠦ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ 120 ᠭᠠᠷᠤᠢ ᠬᠥᠮᠦᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号