ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠶᠢᠨ ᠠᠷᠪᠠ ᠶᠢᠰᠦᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠮᠠᠯᠴᠢᠨ ᠲᠠᠷᠢᠶᠠᠴᠢᠨ ᠤ ᠨᠡᠭᠦᠳᠡᠯ ᠨᠠᠮ ᠤᠨ ᠭᠡᠰᠢᠭᠦᠨ ᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/10/16
   ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠪᠣᠯᠪᠠᠰᠤᠷᠠᠯ ᠡᠭᠡᠯᠵᠢᠯᠡᠨ ᠪᠣᠯᠪᠠᠰᠤᠷᠠᠭᠤᠯᠬᠤ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠭᠦᠳᠡᠯ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠡᠩᠨᠡᠭᠡ ᠠᠴᠠ ᠬᠤᠴᠣᠷᠬᠤ ᠦᠭᠡᠢ᠂ ᠰᠤᠷᠭᠠᠨ ᠬᠥᠮᠦᠵᠢᠯ ᠢ ᠳᠤᠲᠠᠭᠳᠠᠭᠤᠯᠬᠤ ᠦᠭᠡᠢ᠂ ᠬᠠᠮᠢᠶᠠᠷᠤᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠠᠷᠪᠠ ᠶᠢᠰᠦᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠮᠠᠯᠴᠢᠨ ᠲᠠᠷᠢᠶᠠᠴᠢᠨ ᠤ ᠨᠡᠭᠦᠳᠡᠯ ᠨᠠᠮ ᠤᠨ ᠭᠡᠰᠢᠭᠦᠨ ᠤ ᠪᠣᠯᠪᠠᠰᠤᠷᠠᠯ ᠤᠨ ᠠᠩᠭᠢ ᠡᠬᠢᠯᠡᠵᠦ᠂ ᠡᠯ᠎ᠡ ᠰᠤᠮᠤ ᠪᠠᠯᠭᠠᠰᠤᠨ ᠤ ᠬᠡᠰᠡᠭ ᠮᠠᠯᠴᠢᠨ ᠲᠠᠷᠢᠶᠠᠴᠢᠨ ᠤ ᠨᠡᠭᠦᠳᠡᠯ ᠨᠠᠮ ᠤᠨ ᠭᠡᠰᠢᠭᠦᠨ 60 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃    ᠲᠤᠰ ᠤᠳᠠᠭ᠎ᠠ ᠶᠢᠨ ᠪᠣᠯᠪᠠᠰᠤᠷᠠᠯ ᠨᠢ 3 ᠡᠳᠦᠷ ᠶᠠᠪᠤᠭᠳᠠᠵᠤ᠂ ᠣᠨᠣᠯ ᠤᠨ ᠬᠢᠴᠢᠶᠡᠯ ᠣᠷᠣᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠠᠬᠢᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠵᠡᠷᠭᠡ ᠲᠠᠯ᠎ᠠ ᠶᠢᠨ ᠬᠢᠴᠢᠶᠡᠯ ᠢ ᠲᠣᠬᠢᠷᠠᠭᠤᠯᠬᠤ ᠶᠢᠨ ᠬᠠᠮᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠵᠡᠷᠭᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠲᠠᠶᠢᠯᠤᠮᠵᠢ ᠬᠢᠵᠦ᠂ ᠨᠡᠭᠦᠳᠡᠯ ᠨᠠᠮ ᠤᠨ ᠭᠡᠰᠢᠭᠦᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢ ᠨᠢ ᠴᠢᠩᠭᠠᠳᠬᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠢᠯᠵᠢᠯᠲᠡ ᠶᠢ ᠠᠯᠳᠠᠭᠳᠠᠭᠤᠯᠬᠤ ᠦᠭᠡᠢ᠂ ᠨᠤᠲᠤᠭ ᠤᠰᠤ ᠠᠴᠠ ᠪᠠᠨ ᠰᠠᠯᠬᠤ ᠦᠭᠡᠢ ᠪᠠᠶᠢᠬᠤ ᠶᠢ ᠪᠡᠶᠡᠯᠡᠭᠦᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤᠨ ᠤ ᠪᠠᠨ ᠠᠴᠢ ᠶᠢ ᠬᠠᠷᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号