ᠮᠠᠨ ᠤ ᠤᠷᠤᠨ ᠲᠤᠰᠬᠠᠢ ᠨᠦᠬᠦᠪᠤᠷᠢ ᠮᠦᠡᠭᠬᠦ ᠶᠢ ᠨᠡᠮᠡᠭᠳᠡᠬᠦᠯᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠤᠮ ᠤᠨ ᠪᠠᠶᠢᠭᠤᠯᠤᠯᠳᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/10/16
   ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠦᠯᠦᠭᠡ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠢ ᠨᠥᠬᠦᠪᠥᠷᠢ ᠮᠥᠩᠭᠦ ᠶᠢ ᠨᠡᠮᠡᠭᠳᠡᠭᠦᠯᠦᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠲᠤ ᠲᠣᠭᠲᠠᠭᠠᠯ ᠶᠣᠰᠣᠭᠠᠷ ᠦᠢᠯᠡᠴᠢᠯᠡᠭᠡᠨ ᠤ ᠨᠥᠬᠦᠪᠥᠷᠢ ᠣᠯᠭᠤᠵᠤ ᠂ ᠨᠠᠰᠤᠲᠠᠶᠢᠴᠤᠳ ᠤᠨ ᠵᠣᠯ ᠵᠢᠷᠭᠠᠯ ᠲᠠᠢ ᠪᠠᠷ ᠥᠲᠡᠯᠦᠭᠡ ᠨᠠᠰᠤ ᠪᠠᠨ ᠥᠩᠭᠡᠷᠡᠭᠦᠯᠬᠦ ᠶᠢ ᠰᠠᠶᠢᠲᠤᠷ ᠪᠠᠳᠤᠯᠠᠵᠤ ᠪᠠᠶᠢᠨ᠎ᠡ᠃   ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠤᠨ ᠦᠢᠯᠡᠴᠢᠯᠡᠭᠡᠨ ᠤ ᠨᠥᠬᠦᠪᠥᠷᠢ ᠶᠢᠨ ᠰᠠᠭᠤᠷᠢ ᠲᠤᠭ᠎ᠠ ᠨᠢ ᠠᠮᠢᠳᠤᠷᠠᠯ ᠤᠨ ᠴᠢᠳᠠᠪᠤᠷᠢ ᠶᠢ ᠦᠨᠡᠯᠡᠨ ᠵᠢᠱᠢᠬᠦ ᠵᠡᠷᠭᠡ ᠳᠡᠰ ᠤᠨ ᠵᠣᠬᠢᠬᠤ ᠨᠥᠬᠦᠪᠥᠷᠢ ᠶᠢᠨ ᠵᠣᠭᠤᠰ ᠤᠨ ᠲᠤᠭ᠎ᠠ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠵᠣᠬᠢᠬᠤ ᠨᠥᠬᠦᠪᠥᠷᠢ ᠶᠢᠨ ᠬᠠᠷᠢᠴᠠᠯ ᠳᠤ ᠴᠢᠭᠯᠡᠭᠦᠯᠦᠨ ᠵᠦᠷᠢᠶᠡᠴᠢᠯᠡᠭᠰᠡᠨ ᠨᠥᠬᠦᠪᠥᠷᠢ ᠣᠯᠭᠤᠨ᠎ᠠ᠃ ᠨᠠᠰᠤᠲᠠᠶᠢᠴᠤᠳ ᠤᠨ ᠠᠮᠢᠳᠤᠷᠠᠯ ᠤᠨ ᠴᠢᠳᠠᠪᠤᠷᠢ ᠶᠢ ᠦᠨᠡᠯᠡᠨ ᠵᠢᠱᠢᠬᠦ ᠲᠠᠰ ᠢ ︽ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠵᠢᠷᠤᠮᠵᠢᠯ︾ ᠤᠨ ᠤᠯᠤᠰ ᠤᠨ ᠪᠠᠷᠢᠮᠵᠢᠶ᠎ᠡ ᠶᠣᠰᠣᠭᠠᠷ ᠲᠣᠭᠲᠠᠭᠠᠨ᠎ᠠ᠃ ᠨᠥᠬᠦᠪᠥᠷᠢ ᠮᠥᠩᠭᠦ ᠶᠢ ᠵᠢᠯ ᠪᠦᠷᠢ ᠬᠤᠶᠠᠷ ᠪᠦᠯᠦᠭ ᠬᠤᠪᠢᠶᠠᠨ ᠮᠡᠳᠡᠭᠦᠯᠵᠦ ᠪᠠᠭᠤᠯᠭᠠᠨ᠎ᠠ᠃   8 ᠰᠠᠷ᠎ᠠ ᠳᠤ᠂ ᠮᠠᠨ ᠤ ᠤᠷᠤᠨ ᠲᠦᠷᠦᠬᠦᠦ ᠪᠦᠯᠦᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳ᠋ᠤ᠋ ᠰᠠᠭᠤᠭ᠎ᠠ ᠨᠠᠰᠤᠲᠠᠶᠢᠴᠤᠳ ᠤᠨ ᠦᠢᠯᠡᠴᠢᠯᠡᠭᠡᠨ ᠤ ᠨᠥᠬᠦᠪᠥᠷᠢ ᠮᠥᠩᠭᠦ 1761 ᠲᠦᠮᠡᠨ ᠲᠥᠭᠦᠷᠢᠭ ᠢ ᠨᠢᠭᠡᠨᠲᠡ ᠡᠯ᠎ᠡ ᠠᠶᠢᠮᠠᠭ ᠬᠤᠲᠠ ᠳᠤ ᠪᠠᠭᠤᠯᠭᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠪᠦᠷᠢᠨ ᠴᠢᠳᠠᠮᠵᠢᠳᠤ ᠺᠠᠷᠲ︾ ᠪᠤᠶᠤ ᠨᠡᠶᠢᠭᠡᠮᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠤᠲᠠᠶᠢᠴᠤᠳ ᠲᠤ ᠰᠢᠭᠤᠳ ᠤᠯᠭᠤᠬᠤ ᠪᠤᠯᠤᠨ᠎ᠡ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠤᠨ ᠦᠢᠯᠡᠴᠢᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠣᠯ ︽ᠣᠷᠣ ᠨᠥᠬᠦᠪᠥᠷᠢᠯᠡᠵᠤ︾ ᠪᠠᠶᠢᠭᠰᠠᠨ ᠠᠴᠠ ︽ᠬᠥᠮᠦᠨ ᠳᠤᠨᠢ ᠨᠦᠬᠦᠪᠤᠷᠢ ᠤᠯᠭᠤᠬᠤ︾ ᠲᠡᠶᠢᠰᠢ ᠰᠢᠯᠵᠢᠬᠦ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠮᠥᠨ᠃ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号