ᠮᠠᠨ ᠤ ᠤᠷᠤᠨ ᠪᠤᠬᠢᠷᠳᠦᠯ ᠦᠭᠡᠢ ᠴᠠᠬᠢᠯᠭᠠᠨ ᠤ ᠬᠡᠷᠡᠭᠯᠡᠭᠡ ᠶᠢᠨ ᠵᠦᠭᠯᠡᠭᠦᠷ ᠢ ᠳᠤᠭᠳᠠᠭᠠᠨ ᠨᠡᠶᠢᠳᠡᠯᠡᠪᠡ
ᠨᠡᠶᠢᠲᠡᠯᠡᠭᠰᠡᠨ ᠴᠠᠭ᠄
2024/10/16
   ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠱᠠᠭᠠᠷᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠶᠢᠷ᠎ᠠ ᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠬᠢᠷᠳᠦᠯ ᠦᠭᠡᠢ ᠴᠠᠬᠢᠯᠭᠠᠨ ᠤ ᠬᠡᠷᠡᠭᠯᠡᠭᠡ ᠶᠢᠨ ᠵᠦᠭᠯᠡᠭᠦᠷ︾ ᠢ ᠳᠤᠭᠳᠠᠭᠠᠨ ᠨᠡᠶᠢᠳᠡᠯᠡᠪᠡ᠃   ᠦᠪᠡᠷᠳᠡᠬᠡᠨ ᠵᠠᠰᠠᠬᠤ ᠤᠷᠤᠨ ᠠᠴᠠ ᠡᠨᠧᠷᠬᠢ ᠬᠡᠷᠡᠭᠯᠡᠬᠦ ᠠᠵᠤ ᠠᠬᠤᠶᠢᠯᠠᠯ ᠤᠨ ᠪᠤᠬᠢᠷᠳᠦᠯ ᠦᠭᠡᠢ ᠴᠠᠬᠢᠯᠭᠠᠨ ᠬᠤᠳᠠᠯᠳᠤᠨ ᠠᠪᠬᠤ ᠪᠤᠶᠤ ᠦᠪᠡᠷ ᠢᠶᠠᠨ ᠭᠠᠷᠭᠠᠵᠤ ᠦᠪᠡᠷ ᠢᠢᠡᠨ ᠬᠡᠷᠡᠭᠯᠡᠬᠦ ᠰᠢᠨ᠎ᠠ ᠡᠨᠧᠷᠬᠢ ᠶᠢᠨ ᠲᠦᠷᠦᠯ ᠵᠦᠢᠯ ᠤᠨ ᠨᠡᠭᠡᠭᠡᠯᠳᠡ ᠬᠢᠬᠦ ᠶᠢ ᠬᠦᠲᠦᠯᠦᠨ ᠵᠢᠯᠤᠭᠤᠳᠴᠤ᠂ ᠦᠪᠡᠷᠳᠡᠭᠡᠨ ᠵᠠᠰᠠᠬᠤ ᠤᠷᠤᠨ ᠤ ᠪᠤᠬᠢᠷᠳᠦᠯ ᠦᠭᠡᠢ ᠴᠠᠬᠢᠯᠭᠠᠨ ᠢ ᠠᠰᠢᠭᠯᠠᠯᠳᠠ ᠳᠤ ᠤᠷᠤᠭᠤᠯᠬᠤ ᠢᠢ ᠠᠬᠢᠭᠤᠯᠤᠨ᠂ ᠳᠠᠬᠢᠯᠳᠠ ᠡᠨᠧᠷᠬᠢ ᠶᠢ ᠬᠡᠷᠡᠭᠯᠡᠵᠤ ᠠᠰᠢᠭᠯᠠᠬᠤ ᠬᠡᠮᠵᠢᠶ᠎ᠠ ᠢᠢ ᠳᠡᠭᠡᠭᠰᠢᠯᠡᠭᠦᠯᠬᠦ ᠶᠢᠨ ᠲᠥᠯᠤᠭᠡ ᠲᠤᠰ ᠵᠦᠭᠯᠡᠭᠦᠷ ᠢ ᠳᠤᠭᠳᠠᠭᠠᠵᠠᠢ᠃ ᠵᠦᠭᠯᠡᠭᠦᠷ ᠲᠤ ᠪᠤᠬᠢᠷᠳᠦᠯ ᠦᠭᠡᠢ ᠴᠠᠬᠢᠯᠭᠠᠨ ᠤ ᠤᠬᠠᠭᠳᠠᠬᠤᠨ ᠪᠠ ᠡᠨᠧᠷᠬᠢ ᠠᠷᠪᠢᠯᠠᠬᠤ ᠬᠠᠷᠠᠯᠳᠠᠳᠤ ᠰᠢᠯᠭᠠᠨ ᠪᠠᠶᠢᠴᠠᠭᠠᠯᠳᠠ ᠳᠤ ᠦᠵᠡᠭᠦᠯᠬᠦ ᠪᠤᠬᠢᠷᠳᠦᠯ ᠦᠭᠡᠢ ᠴᠠᠬᠢᠯᠭᠠᠨ ᠤ ᠨᠦᠯᠦᠭᠡ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠪᠤᠬᠢᠷᠳᠦᠯ ᠦᠭᠡᠢ ᠴᠠᠬᠢᠯᠭᠠᠨ ᠬᠠᠩᠭᠠᠬᠤ᠂ ᠡᠨᠧᠷᠬᠢ ᠲᠤᠤᠷ ᠳᠠᠭᠠᠭᠠᠴᠠ ᠨᠦᠭᠡᠴᠡ ᠶᠢ ᠨᠢᠭᠡ ᠴᠤᠭᠴᠠᠵᠢᠭᠤᠯᠬᠤ᠂ ᠰᠠᠯᠬᠢᠨ ᠬᠦᠴᠦ ᠭᠡᠷᠡᠯᠴᠢ ᠴᠡᠨᠡᠭ ᠤᠨ ᠴᠠᠬᠢᠯᠭᠠᠨ ᠪᠠ ᠤᠰᠤᠳᠦ᠋ᠷᠦᠭᠴᠢ ᠦᠢᠯᠡᠳᠬᠦ ᠶᠢ ᠨᠢᠭᠡ ᠴᠤᠭᠴᠠᠵᠢᠭᠤᠯᠬᠤ᠂ ᠪᠦᠬᠦ ᠴᠠᠬᠢᠯᠭᠠᠨ ᠢ ᠦᠪᠡᠷ  ᠢᠶᠠᠨ ᠭᠠᠷᠭᠠᠵᠤ ᠦᠪᠡᠷ ᠶᠢᠨ ᠬᠡᠷᠡᠭᠯᠡᠬᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠦᠢᠯᠡᠳᠪᠤᠷᠢ  ᠶᠢᠨ ᠳᠠᠬᠢᠯᠳᠠ ᠡᠨᠧᠷᠬᠢ ᠪᠠᠷ ᠤᠷᠤᠯᠠᠭᠤᠯᠬᠤ ᠵᠡᠷᠭᠡ 6 ᠲᠦᠷᠦᠯ ᠤᠨ ᠵᠠᠬ᠎ᠠ ᠳᠡᠯᠭᠡᠭᠦᠷᠴᠢᠯᠡᠭᠰᠡᠨ ᠲᠦᠷᠦᠯ ᠵᠦᠢᠯ ᠢ ᠡᠷᠡᠮᠡᠯᠵᠡᠬᠦ ᠨᠦᠬᠦᠴᠡᠯ ᠪᠠ ᠠᠩᠬᠠᠷᠬᠤ ᠵᠦᠢᠯᠡᠰ᠂ ᠪᠤᠬᠢᠷᠳᠦᠯ ᠦᠭᠡᠢ ᠴᠠᠬᠢᠯᠭᠠᠨ ᠤ ᠠᠷᠠᠯᠵᠢᠶᠠᠨ ᠤ ᠳᠠᠪᠴᠠᠩ᠂ ᠠᠷᠠᠯᠵᠢᠶᠠᠯᠠᠬᠤ ᠠᠷᠭ᠎ᠠ᠂ ᠠᠷᠠᠯᠵᠢᠶᠠᠯᠠᠬᠤ ᠦᠶᠡᠯᠡᠯ ᠤᠨ ᠬᠤᠭᠤᠴᠠᠭ᠎ᠠ᠂ ᠠᠷᠠᠯᠵᠢᠶᠠᠯᠠᠬᠤ ᠶᠠᠪᠤᠴᠠ ᠵᠢᠴᠢ ᠪᠤᠬᠢᠷᠳᠦᠯ ᠦᠭᠡᠢ ᠴᠠᠬᠢᠯᠭᠠᠨ ᠢ ᠬᠤᠳᠠᠯᠳᠤᠨ ᠠᠪᠬᠤ ᠳᠤ ᠠᠩᠬᠠᠷᠬᠤ ᠵᠦᠢᠯᠡᠰ ᠵᠡᠷᠭᠡ ᠠᠭᠤᠯᠭ᠎ᠠ ᠶᠢ ᠪᠠᠭᠳᠠᠭᠠᠪᠠ᠃ ᠵᠦᠭᠯᠡᠭᠦᠷ ᠲᠤ ᠪᠤᠬᠢᠷᠳᠦᠯ ᠦᠭᠡᠢ ᠴᠠᠬᠢᠯᠭᠠᠨ ᠤ ᠬᠡᠷᠡᠭᠯᠡᠭᠡ ᠢᠢ ᠨᠡᠮᠡᠭᠳᠡᠭᠦᠯᠬᠦ ᠬᠤᠶᠠᠷ ᠵᠦᠢᠯ ᠤᠨ ᠠᠷᠭ᠎ᠠ ᠬᠡᠯᠪᠡᠷᠢ  ᠶᠢ ᠳᠤᠷᠠᠳᠴᠠᠢ᠄ ᠨᠢᠭᠡ ᠨᠢ ᠡᠨᠧᠷᠬᠢ ᠬᠡᠷᠡᠭᠯᠡᠬᠦ ᠠᠵᠤ ᠠᠬᠤᠶᠢᠯᠠᠯ ᠦᠪᠡᠷ ᠤᠨ ᠪᠤᠳᠠᠳᠤ ᠪᠠᠶᠢᠳᠠᠯ ᠢᠶᠠᠨ ᠦᠨᠳᠦᠰᠦᠯᠡᠨ ᠦᠪᠡᠷᠳᠡᠭᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶ᠎ᠠ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠᠷ 6 ᠲᠦᠷᠦᠯ ᠤᠨ ᠵᠠᠬ᠎ᠠ ᠳᠡᠯᠭᠡᠭᠦᠷᠴᠢᠯᠡᠭᠰᠡᠨ ᠰᠢᠨ᠎ᠠ ᠡᠨᠧᠷᠬᠢ ᠶᠢᠨ ᠲᠦᠷᠦᠯ ᠵᠦᠢᠯ ᠢ ᠡᠷᠡᠮᠡᠯᠵᠡᠵᠤ᠂ ᠪᠤᠬᠢᠷᠳᠦᠯ ᠦᠭᠡᠢ ᠴᠠᠬᠢᠯᠭᠠᠨ ᠢ ᠦᠪᠡᠷ ᠢᠢᠡᠨ ᠭᠠᠷᠭᠠᠵᠤ ᠦᠪᠡᠷ ᠢᠶᠠᠨ ᠬᠡᠷᠡᠭᠯᠡᠬᠦ ᠶᠢ ᠠᠬᠢᠭᠤᠯᠤᠨ᠎ᠠ︔ ᠨᠦᠭᠦᠭᠡ ᠨᠢ ᠦᠪᠦᠷ ᠮᠤᠩᠭᠤᠯ ᠤᠨ ᠴᠠᠬᠢᠯᠭᠠᠨ ᠬᠦᠴᠦᠨ ᠤ ᠠᠷᠠᠯᠵᠢᠶᠠᠨ ᠤ ᠳᠠᠪᠴᠠᠩ ᠪᠠ ᠪᠡᠭᠡᠵᠢᠩ ᠤᠨ ᠴᠠᠬᠢᠯᠭᠠᠨ ᠬᠦᠴᠦᠨ ᠤ ᠠᠷᠠᠯᠵᠢᠶᠠᠨ ᠤ ᠳᠠᠪᠴᠠᠩ ᠢᠶᠠᠷ ᠳᠠᠮᠵᠢᠨ ᠪᠤᠬᠢᠷᠳᠦᠯ ᠦᠭᠡᠢ ᠴᠠᠬᠢᠯᠭᠠᠨ ᠬᠤᠳᠠᠯᠳᠤᠨ ᠠᠪᠴᠤ᠂ ᠰᠢᠨ᠎ᠠ ᠡᠨᠧᠷᠬᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠲᠠᠢ ᠤᠷᠳᠤ ᠬᠤᠭᠤᠴᠠᠭᠠᠨ ᠤ ᠴᠠᠬᠢᠯᠭᠠᠨ ᠬᠤᠳᠠᠯᠳᠤᠨ ᠠᠪᠬᠤ ᠵᠦᠪᠯᠡᠯᠴᠡᠭᠡᠷ ᠳᠤᠬᠢᠷᠠᠯᠴᠠᠬᠤ ᠶᠢ ᠵᠤᠷᠢᠭᠵᠢᠭᠤᠯᠬᠤ ᠪᠤᠯᠤᠨ᠎ᠠ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号