ᠢᠳᠡᠭᠡᠨ ᠤ ᠡᠯᠧᠺᠲᠷᠤᠨ ︽ᠪᠡᠶ᠎ᠡ ᠶᠢᠨ ᠦᠨᠡᠮᠯᠡᠯ︾ ᠳᠤ ᠨᠢᠭᠤᠬᠳᠠᠵᠤ ᠪᠠᠶᠢᠭ᠎ᠠ ᠮᠡᠳᠡᠭᠡ ᠵᠠᠩᠬᠢ
ᠨᠡᠶᠢᠲᠡᠯᠡᠭᠰᠡᠨ ᠴᠠᠭ᠄
2024/10/16
   ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠬᠢᠶᠠᠨ ᠪᠠᠶᠢᠭᠤᠯᠤᠯᠲᠠ ᠳᠣᠣᠷ᠎ᠠ᠂ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠲᠥᠪ ᠵᠡᠷᠭᠡ ᠪᠠᠶᠢᠭᠤᠯᠭ᠎ᠠ ᠨᠢᠭᠡᠴᠢ ᠡᠨᠡ ᠵᠢᠯ ᠠᠴᠠ ᠡᠬᠢᠯᠡᠨ ᠢᠳᠡᠭᠡᠨ ᠤ ᠵᠦᠢᠯ ᠤᠨ ᠲᠣᠭᠠᠴᠢᠯᠠᠭᠰᠠᠨ ᠱᠣᠰᠢᠭ᠎ᠠ ᠶᠢᠨ ᠲᠤᠷᠰᠢᠯᠲᠠ ᠶᠢ ᠥᠷᠨᠢᠭᠦᠯᠵᠦ᠂ ᠴᠠᠭᠠᠨ ᠢᠳᠡᠭᠡᠨ᠂ ᠤᠮᠳᠠᠭᠠᠨ᠂ ᠲᠥᠬᠦᠮ ᠢᠳᠡᠭᠡᠨ ᠵᠡᠷᠭᠡ ᠮᠠᠨ ᠤ ᠤᠯᠤᠰ ᠤᠨ ᠬᠡᠷᠡᠭᠯᠡᠭᠴᠢᠳ ᠤᠨ ᠬᠡᠷᠡᠭᠯᠡᠭᠡᠨ ᠤ ᠭᠤᠣᠯ ᠪᠣᠯᠬᠤ ᠢᠳᠡᠭᠡᠨ ᠤ ᠲᠥᠷᠥᠯ ᠵᠦᠢᠯ ᠢ ᠬᠠᠮᠤᠷᠪᠠ᠃ ᠣᠶᠢᠯᠠᠭᠠᠭᠰᠠᠨ ᠢᠶᠠᠷ᠂ ᠣᠳᠣᠬᠠᠨ ᠳᠤ ᠨᠢᠭᠡᠨᠲᠡ 20 ᠭᠠᠷᠤᠢ ᠠᠵᠤ ᠠᠬᠤᠶᠢᠯᠠᠯ᠂ 40 ᠭᠠᠷᠤᠢ ᠵᠦᠢᠯ ᠤᠨ ᠦᠢᠯᠡᠳᠬᠦᠨ ᠢ ᠢᠳᠡᠭᠡᠨ ᠤ ᠵᠦᠢᠯ ᠤᠨ ᠲᠣᠭᠠᠴᠢᠯᠠᠬᠰᠠᠨ ᠱᠣᠰᠢᠭ᠎ᠠ ᠶᠢᠨ ᠲᠤᠷᠰᠢᠯᠲᠠ ᠶᠢᠨ ᠬᠡᠪᠴᠢᠶᠡᠨ ᠳᠤ ᠣᠷᠣᠭᠤᠯᠵᠤ᠂ ᠬᠡᠰᠡᠭ ᠦᠢᠯᠡᠳᠬᠦᠨ ᠢ ᠨᠢᠭᠡᠨᠲᠡ ᠵᠠᠬ᠎ᠠ ᠳᠡᠯᠭᠡᠭᠦᠷ ᠲᠤ ᠤᠷᠤᠭᠤᠯᠵᠤ᠂ ᠪᠤᠰᠤᠳ ᠦᠢᠯᠡᠳᠬᠦᠨ ᠢ ᠴᠦ ᠵᠢᠯ ᠤᠨ ᠡᠴᠦᠰ ᠠᠴᠠ ᠡᠮᠦᠨ᠎ᠡ ᠵᠠᠯᠭᠠᠭ᠎ᠠ ᠪᠠᠷ ᠵᠠᠬ᠎ᠠ ᠳᠡᠯᠭᠡᠭᠦᠷ ᠲᠤ ᠣᠷᠣᠭᠤᠯᠬᠤ ᠪᠠᠷ ᠵᠢᠱᠢᠵᠦ ᠪᠠᠶᠢᠨ᠎ᠠ᠃ ᠢᠳᠡᠭᠡᠨ ᠤ ᠲᠤᠭᠠᠴᠢᠯᠠᠬᠰᠠᠨ ᠱᠣᠰᠢᠭ᠎ᠠ ᠪᠣᠯ ᠬᠤᠶᠠᠷ ᠬᠡᠮᠵᠢᠯᠳᠤ ᠺᠤᠳ᠋ ᠵᠡᠷᠭᠡ ᠬᠡᠯᠪᠡᠷᠢ ᠪᠠᠷ ᠢᠳᠡᠭᠡᠨ ᠤ ᠱᠣᠰᠢᠭ᠎ᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠵᠦ᠂ ᠬᠡᠷᠡᠭᠯᠡᠭᠴᠢᠳ ᠭᠠᠷ ᠤᠲᠠᠰᠤ ᠵᠡᠷᠭᠡ ᠰᠢᠯᠵᠢᠮᠡᠯ ᠲᠥᠬᠦᠭᠡᠷᠦᠮᠵᠢ ᠪᠠᠷ ᠢᠳᠡᠭᠡᠨ ᠤ ᠱᠣᠰᠢᠭ᠎ᠠ ᠳᠡᠭᠡᠷᠡᠬᠢ ᠬᠤᠶᠠᠷ ᠬᠡᠮᠵᠢᠯᠳᠤ ᠺᠤᠳ᠋ ᠢ ᠰᠢᠷᠪᠢᠵᠦ᠂ ᠢᠳᠡᠭᠡᠨ ᠤ ᠱᠣᠰᠢᠭ᠎ᠠ ᠶᠢᠨ ᠮᠡᠳᠡᠭᠡ ᠵᠠᠩᠭᠢ ᠶᠢ ᠣᠯᠵᠤ ᠪᠣᠯᠣᠨ᠎ᠠ᠃ ᠤᠯᠠᠮᠵᠢᠯᠠᠯᠲᠤ ᠱᠣᠰᠢᠭ᠎ᠠ ᠲᠠᠢ ᠠᠳᠠᠯᠢᠳᠬᠠᠪᠠᠯ᠂ ᠲᠤᠭᠠᠴᠢᠯᠠᠬᠰᠠᠨ ᠱᠣᠰᠢᠭ᠎ᠠ ᠨᠢ ᠬᠡᠪᠯᠡᠯ ᠤᠨ ᠨᠢᠭᠤᠷ ᠤᠨ ᠬᠢᠵᠠᠭᠠᠷᠯᠠᠯ ᠦᠭᠡᠢ᠂ ᠬᠡᠷᠡᠭᠯᠡᠭᠴᠢᠳ ᠨᠢᠭᠤᠷ ᠢ ᠶᠡᠬᠡᠰᠬᠡᠬᠦ᠂ ᠲᠠᠭᠤ ᠠᠪᠢᠶ᠎ᠠ ᠪᠠᠷ ᠲᠠᠨᠢᠨ ᠤᠩᠰᠢᠬᠤ᠂ ᠸᠢᠳᠢᠣ᠋ ᠬᠡᠯᠪᠡᠷᠢ ᠪᠠᠷ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠴᠢᠳᠠᠮᠵᠢ ᠪᠠᠷ ᠢᠳᠡᠭᠡᠨ ᠤ ᠮᠡᠳᠡᠭᠡ ᠵᠠᠩᠭᠢ ᠶᠢ ᠨᠠᠩ ᠲᠥᠬᠦᠮ ᠣᠯᠵᠤ ᠪᠣᠯᠣᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠥᠪ ᠤᠨ ᠳᠡᠳ᠋ ᠡᠷᠬᠢᠯᠡᠭᠴᠢ ᠹᠠᠨ ᠶᠦᠩ ᠰᠢᠶᠠᠩ᠄ ︽ᠬᠡᠷᠡᠭᠯᠡᠭᠴᠢᠳ ᠲᠤᠭᠠᠴᠢᠯᠠᠬᠰᠠᠨ ᠱᠣᠰᠢᠭ᠎ᠠ ᠶᠢ ᠰᠢᠷᠪᠢᠬᠦ ᠪᠠᠷ ᠳᠡᠮᠵᠢᠨ᠂ ᠣᠯᠵᠤ ᠮᠡᠳᠡᠶ᠎ᠡ ᠭᠡᠰᠡᠨ ᠵᠠᠷᠢᠮ ᠮᠡᠳᠡᠭᠡ ᠵᠠᠩᠭᠢ ᠶᠢ ᠮᠠᠰᠢ ᠬᠢᠯᠪᠠᠷᠬᠠᠨ ᠢᠶᠠᠷ ᠣᠯᠵᠤ ᠪᠣᠯᠣᠨ᠎ᠠ᠃ ᠵᠢᠱᠢᠶᠡᠯᠡᠪᠡᠯ ᠳᠠᠭᠤᠨ ᠳᠠᠪᠲᠠᠮᠵᠢ ᠶᠢ ᠰᠣᠨᠣᠰᠬᠤ᠂ ᠳᠦᠷᠰᠦ ᠰᠢᠩᠭᠡᠭᠡᠯᠲᠡ ᠶᠢ ᠦᠵᠡᠬᠦ ᠮᠡᠲᠦ ᠶᠢᠨ ᠠᠷᠭ᠎ᠠ ᠪᠠᠷ ᠱᠣᠰᠢᠭ᠎ᠠ ᠳᠡᠭᠡᠷᠡᠬᠢ ᠵᠠᠷᠢᠮ ᠮᠡᠳᠡᠭᠡ ᠵᠠᠩᠭᠢ ᠶᠢ ᠣᠯᠵᠤ ᠪᠣᠯᠣᠨ᠎ᠠ᠃ ᠬᠡᠷᠡᠭᠯᠡᠭᠴᠢᠳ ᠤᠨ ᠡᠷᠡᠭᠦᠯ ᠮᠡᠨᠳᠦ ᠶᠢ ᠪᠠᠲᠤᠯᠠᠬᠤ ᠪᠠ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠳᠤ ᠪᠦᠷ ᠤᠯᠠᠮ ᠠᠴᠠ ᠤᠯᠠᠮ ᠶᠡᠭᠡ ᠦᠢᠯᠡᠳᠦᠯ ᠦᠵᠡᠭᠦᠯᠵᠦ ᠪᠠᠶᠢᠨ᠎ᠠ ᠭᠡᠵᠦ ᠬᠡᠯᠡᠵᠦ ᠪᠣᠯᠣᠨ᠎ᠠ︾ ᠭᠡᠵᠦ ᠶᠠᠷᠢᠯ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠭᠠᠴᠢᠯᠠᠭᠰᠠᠨ ᠱᠣᠰᠢᠭ᠎ᠠ ᠶᠢᠨ ᠬᠡᠷᠡᠭᠯᠡᠭᠴᠢᠳ ᠲᠤ ᠢᠳᠡᠭᠡᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠪᠣᠳᠠᠲᠠᠢ ᠣᠨᠣᠪᠴᠢᠲᠠᠶ ᠳᠠᠮᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠲᠥᠪ ᠠᠴᠠ ᠶᠠᠭ ᠬᠤᠯᠪᠣᠭᠳᠠᠯ ᠪᠦᠬᠦᠢ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ᠂ ᠲᠣᠭᠠᠴᠢᠯᠠᠭᠰᠠᠨ ᠱᠣᠰᠢᠭ᠎ᠠ ᠶᠢᠨ ᠬᠡᠷᠡᠭᠯᠡᠯᠲᠡ ᠶᠢᠨ ᠵᠠᠷᠴᠢᠮ᠂ ᠱᠠᠭᠠᠷᠳᠠᠯᠭ᠎ᠠ ᠪᠠ ᠳᠡᠯᠭᠡᠨ ᠦᠵᠡᠭᠦᠯᠬᠦ ᠠᠭᠤᠯᠭ᠎ᠠ ᠳᠤ ᠲᠣᠭᠲᠠᠭᠠᠯ ᠭᠠᠷᠭᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠵᠢᠷᠤᠮᠵᠢᠭᠰᠠᠨ ᠦᠨᠳᠦᠰᠦᠯᠡᠯ ᠬᠠᠩᠭᠠᠵᠤ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠱᠣᠰᠢᠭ᠎ᠠ ᠶᠢᠨ ᠪᠠᠷᠢᠮᠵᠢᠶ᠎ᠠ ᠶᠢ ᠨᠡᠶᠢᠲᠡᠯᠡᠬᠦ ᠶᠢ ᠲᠦᠷᠭᠡᠳᠬᠡᠵᠦ᠂ ᠲᠣᠭᠠᠴᠢᠯᠠᠭᠰᠠᠨ ᠱᠣᠰᠢᠭ᠎ᠠ ᠶᠢ ᠪᠥᠬᠦ ᠲᠠᠯ᠎ᠠ ᠪᠠᠷ ᠬᠡᠷᠡᠭᠯᠡᠬᠦ ᠶᠢ ᠲᠦᠯᠬᠢᠨ ᠠᠬᠢᠭᠤᠯᠬᠤ ᠶᠢᠨ ᠬᠠᠮᠲᠤ ᠨᠠᠩ ᠣᠯᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠱᠣᠰᠢᠭ᠎ᠠ ᠶᠢᠨ ᠲᠤᠷᠰᠢᠯᠲᠠ ᠳᠤ ᠣᠷᠣᠯᠴᠠᠬᠤ ᠶᠢ ᠵᠣᠷᠢᠭᠵᠢᠭᠤᠯᠵᠤ ᠪᠠᠶᠢᠭ᠎ᠠ ᠠᠵᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号