ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 19 ᠤ ᠡᠳᠦᠷ ︽ᠣᠨᠴᠠ | ᠬᠠᠩᠭᠠᠬᠤ ᠠᠷᠢᠬᠢ︾ ᠦᠢᠯᠡᠳᠴᠦ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷᠯᠠᠯ ᠨᠡᠶᠢᠲᠡᠯᠡᠵᠦ᠂ | ᠦᠢᠯᠡᠳᠪᠦᠷᠢᠯᠡᠯ᠂ ᠪᠣᠷᠤᠯᠠᠭᠤᠯᠭ᠎ᠠ᠂ ᠢᠳᠡᠭᠡᠨ ᠤᠮᠳᠠᠭᠠᠨ᠂ ᠵᠠᠷ᠂ ᠤᠬᠠᠭᠤᠯᠭ᠎ᠠ᠂ ᠬᠡᠪᠯᠡᠯ ᠵᠡᠷᠭᠡ 6 ᠲᠠᠯ᠎ᠠ ᠪᠠᠷ | ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ︽ᠣᠨᠴᠠ ᠬᠠᠩᠭᠠᠬᠤ ᠠᠷᠢᠬᠢ︾ | ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠪᠠᠷ ᠪᠤᠯᠪᠠ | ᠃ ᠠᠯᠪᠠᠨ ᠵᠠᠷᠯᠠᠯ ᠳᠤ᠂ ︽ᠣᠨᠴᠠ ᠬᠠᠩᠭᠠᠬᠤ ᠠᠷᠢᠬᠢ︾ ᠪᠣᠯ ᠨᠠᠮ ᠵᠠᠰᠠᠭ ᠤᠨ ᠪᠠᠶᠢᠭᠤᠯᠭ᠎ᠠ ᠪᠠ ᠴᠡᠷᠢᠭ | ᠠᠩᠭᠢ ᠲᠠᠢ ᠨᠢᠭᠲᠠ ᠬᠤᠯᠪᠣᠭ᠎ᠠ ᠲᠠᠢ ᠣᠨᠴᠠᠭᠠᠶ ᠨᠡᠷᠡᠶᠢᠳᠦᠯ᠂ ᠲᠡᠮᠳᠡᠭ᠂ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ᠂ | ᠠᠯᠪᠠᠨ ᠤ ᠠᠵᠢᠯᠯᠠᠭ᠎ᠠ ᠵᠡᠷᠭᠡ ᠮᠡᠳᠡᠭᠡ ᠵᠠᠩᠭᠢ ᠶᠢ ᠬᠤᠳᠠᠯ ᠬᠠᠭᠤᠷᠮᠠᠭ ᠢᠶᠠᠷ ᠲᠣᠳᠣᠷᠬᠠᠶᠢᠯᠠᠬᠰᠠᠨ ᠪᠤᠶᠤ | ᠤᠬᠠᠭᠤᠯᠤᠬᠰᠠᠨ ᠠᠷᠢᠬᠢ ᠶᠢ ᠵᠢᠭᠠᠵᠤ ᠪᠤᠢ᠂ ︽ᠣᠨᠴᠠ ᠬᠠᠩᠭᠠᠬᠤ ᠠᠷᠢᠬᠢ︾ ᠪᠣᠯ ᠬᠤᠳᠠᠯ ᠬᠠᠭᠤᠷᠮᠠᠭ ᠠᠷᠢᠬᠢ | ᠪᠣᠯᠣᠨ᠎ᠠ ᠭᠡᠵᠦ ᠳᠤᠳᠤᠷᠬᠠᠶᠢᠯᠠᠪᠠ᠃ ᠠᠯᠪᠠᠨ ᠵᠠᠷᠯᠠᠯ ᠳᠤ ᠦᠢᠯᠡᠳᠪᠦᠷᠢᠯᠡᠯ᠂ ᠪᠣᠷᠤᠯᠠᠭᠤᠯᠭ᠎ᠠ᠂ ᠢᠳᠡᠭᠡᠨ ᠤᠮᠳᠠᠭᠠᠨ᠂ | ᠵᠠᠷ᠂ ᠤᠬᠠᠭᠤᠯᠭ᠎ᠠ᠂ ᠬᠡᠪᠯᠡᠯ ᠵᠡᠷᠭᠡ 6 ᠲᠠᠯ᠎ᠠ ᠠᠴᠠ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ | ᠴᠣᠭᠴᠠ ᠶᠢᠨ ︽ᠣᠨᠴᠠ ᠬᠠᠩᠭᠠᠬᠤ ᠠᠷᠢᠬᠢ︾ ᠦᠢᠯᠡᠳᠦᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠪᠠᠷ ᠪᠤᠢ᠃ ᠨᠠᠮ ᠵᠠᠰᠠᠭ ᠤᠨ ᠪᠠᠶᠢᠭᠤᠯᠭ᠎ᠠ ᠪᠣᠯᠣᠨ ᠴᠡᠷᠢᠭ ᠠᠩᠭᠢ ︽ᠣᠨᠴᠠ | ᠬᠠᠩᠭᠠᠬᠤ︾᠂ ︽ᠲᠤᠰᠬᠠᠢ ᠬᠠᠩᠭᠠᠬᠤ︾᠂ ︽ᠳᠣᠲᠣᠭᠠᠳᠤ ᠳᠠᠭᠠᠨ ᠬᠠᠩᠭᠠᠬᠤ︾ ᠵᠡᠷᠭᠡ ᠠᠳᠠᠯᠢᠪᠲᠤᠷ | ᠲᠡᠮᠳᠡᠭ ᠤᠨ ᠠᠭᠤᠯᠭ᠎ᠠ ᠲᠠᠢ ᠠᠷᠢᠬᠢᠨ ᠤ ᠵᠦᠢᠯ ᠤᠨ ᠲᠠᠸᠠᠷ ᠢ ᠬᠠᠤᠯᠢ ᠠᠴᠠ ᠵᠥᠷᠢᠴᠡᠨ ᠦᠢᠯᠡᠳᠪᠦᠷᠢᠯᠡᠬᠦ᠂ | ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠤᠭᠤᠯᠠ ᠤᠮᠳᠠᠭᠠᠨ ᠤ ᠨᠢᠬᠡᠴᠡ ᠶᠢᠨ ᠬᠠᠤᠯᠢ ᠠᠴᠠ ᠵᠥᠷᠢᠴᠡᠨ | ᠡᠵᠡᠩᠨᠡᠬᠦ ᠶᠢ ᠴᠢᠩᠭ᠎ᠠ ᠴᠠᠭᠠᠵᠠᠯᠠᠵᠤ᠂ ᠬᠠᠤᠯᠢ ᠠᠴᠠ ᠵᠥᠷᠢᠴᠡᠨ ᠵᠢᠷᠤᠭᠯᠠᠨ ᠲᠥᠯᠥᠪᠯᠡᠬᠦ᠂ ᠦᠢᠯᠡᠳᠬᠦ᠂ ᠣᠷᠣᠯᠠᠨ | ᠭᠦᠢᠴᠡᠳᠬᠡᠬᠦ᠂ ᠵᠠᠷ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠬᠠᠤᠯᠢ ᠠᠴᠠ ᠵᠥᠷᠢᠴᠡᠨ ᠪᠣᠷᠣᠯᠠᠭᠤᠯᠬᠤ᠂ ᠬᠤᠳᠠᠯ | ᠬᠠᠭᠤᠷᠮᠠᠭ ᠪᠤᠶᠤ ᠬᠥᠮᠥᠨ ᠢ ᠠᠳᠡᠭᠦᠷᠡᠭᠦᠯᠬᠦ ᠬᠤᠳᠠᠯᠳᠤᠭᠠᠨ ᠤ ᠤᠬᠠᠭᠤᠯᠭ᠎ᠠ ᠬᠢᠬᠦ ᠶᠢ ᠴᠢᠩᠭ᠎ᠠ ᠴᠠᠭᠠᠵᠠᠯᠠᠵᠤ᠂ | ᠬᠡᠪᠯᠡᠯ ᠤᠨ ᠠᠵᠤ ᠠᠬᠤᠶᠢᠯᠠᠯ ᠤᠨ ᠬᠠᠤᠯᠢ ᠠᠴᠠ ᠵᠥᠷᠢᠴᠡᠨ ᠲᠠᠸᠠᠷ ᠤᠨ ᠲᠡᠮᠳᠡᠭ᠂ ᠪᠣᠭᠤᠳᠠᠯ᠂ ᠴᠢᠮᠡᠭᠯᠡᠯ᠂ | ᠠᠷᠢᠬᠢᠨ ᠤ ᠯᠣᠩᠬᠤ ᠶᠢᠨ ᠲᠡᠮᠳᠡᠭ ᠳᠠᠷᠤᠮᠠᠯᠯᠠᠵᠤ ᠨᠠᠭᠠᠬᠤ ᠶᠢ ᠴᠢᠩᠭ᠎ᠠ ᠴᠠᠭᠠᠵᠠᠯᠠᠨ᠎ᠠ᠃ ᠠᠯᠪᠠᠨ ᠵᠠᠷᠯᠠᠯ ᠳᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠴᠠᠭᠠᠯᠲᠠ ᠪᠠᠨ ᠴᠢᠩᠭᠠᠳᠬᠠᠵᠤ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠶᠠᠯ᠎ᠠ ᠬᠢᠭᠰᠡᠨ | ᠰᠡᠵᠢᠭᠯᠡᠯᠲᠡᠢ ᠶᠢ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃ | ᠬᠡᠷᠡᠭᠯᠡᠭᠴᠢᠳ ᠤᠨ ᠣᠶᠤᠨᠴᠢ ᠬᠡᠷᠡᠭᠯᠡᠭᠡ ᠶᠢ ᠰᠠᠨᠠᠭᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ | ᠬᠢᠨᠠᠯᠲᠠ ᠲᠠᠯᠪᠢᠵᠤ᠂ ᠪᠥᠬᠦ ᠨᠡᠶᠢᠭᠡᠮ ᠢᠶᠠᠷ ᠢᠶᠠᠨ ︽ᠣᠨᠴᠠ ᠬᠠᠩᠭᠠᠬᠤ ᠠᠷᠢᠬᠢ︾ ᠶᠢ ᠬᠠᠮᠲᠤ ᠪᠠᠷ ᠬᠤᠷᠢᠭᠯᠠᠬᠤ ᠶᠢ | ᠠᠬᠢᠭᠤᠯᠤᠨ᠎ᠠ ᠭᠡᠵᠦ ᠱᠠᠭᠠᠷᠳᠠᠪᠠ᠃ ᠲᠠᠨᠢᠯᠴᠠᠭᠤᠯᠤᠭᠰᠠᠨ ᠢᠶᠠᠷ᠂ 2024 ᠣᠨ ᠤ 3 ᠰᠠᠷ᠎ᠠ ᠠᠴᠠ ᠡᠬᠢᠯᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 1 ᠵᠢᠯ ᠤᠨ ᠬᠤᠭᠤᠴᠠᠭ᠎ᠠ ᠲᠠᠢ ︽ᠣᠨᠴᠠ | ᠬᠠᠩᠭᠠᠬᠤ ᠠᠷᠢᠬᠢ︾ ᠶᠢᠨ ᠡᠬᠢ ᠰᠤᠷᠪᠤᠯᠵᠢ ᠶᠢ ᠨᠢ ᠴᠡᠪᠡᠷᠯᠡᠨ ᠠᠷᠢᠯᠭᠠᠬᠤ ᠲᠤᠰᠬᠠᠢ ᠠᠵᠢᠯᠯᠠᠭ᠎ᠠ ᠥᠷᠨᠢᠭᠦᠯᠵᠦ᠂ | ᠰᠦᠯᠵᠢᠶᠡᠨ ᠳᠡᠭᠡᠷ᠎ᠡ ᠪᠠ ᠪᠤᠲᠠᠲᠤ ᠴᠤᠬᠴᠠ ᠳᠤ ᠵᠡᠷᠭᠡ ᠪᠠᠷ ᠦᠷᠨᠢᠭᠦᠯᠵᠦ᠂ ᠬᠠᠤᠯᠢ ᠪᠤᠰᠤ ᠪᠠᠷ ᠦᠢᠯᠡᠳᠴᠦ | ᠪᠣᠷᠣᠯᠠᠭᠤᠯᠬᠤ ᠡᠬᠢ ᠰᠤᠷᠪᠤᠯᠵᠢ ᠶᠢ ᠭᠦᠨᠵᠡᠭᠡᠢ ᠠᠭᠤᠳᠠᠯᠵᠤ᠂ ᠬᠠᠤᠯᠢ ᠵᠥᠷᠢᠴᠡᠭᠰᠡᠨ ᠬᠡᠯᠬᠢᠶ᠎ᠡ ᠶᠢ ᠠᠷᠢᠯᠭᠠᠵᠤ᠂ | ᠬᠠᠤᠯᠢ ᠪᠤᠰᠤ ᠡᠲᠡᠭᠡᠳ ᠲᠤ ᠴᠢᠩᠭ᠎ᠠ ᠴᠣᠬᠢᠯᠲᠠ ᠥᠭᠬᠦ ᠪᠠᠷ ᠪᠤᠢ᠃ |