ᠪᠦᠬᠦ ᠤᠷᠤᠨ ᠤ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 10.4% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/10/16
   ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠠ ᠶᠢᠨ ᠵᠦᠪᠯᠡᠯ ᠠᠴᠠ ᠤᠶᠢᠯᠠᠭᠠᠭᠰᠠᠨ ᠢᠢᠡᠷ᠂ ᠡᠨᠡ ᠵᠢᠯ ᠤᠨ ᠲᠦᠷᠦᠭᠦᠦ 8 ᠰᠠᠷ᠎ᠠ ᠳᠤ ᠪᠦᠬᠦ ᠤᠷᠤᠨ ᠤ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ︵ᠮᠠᠯᠵᠢᠬᠤ ᠲᠠᠷᠢᠶᠠᠯᠠᠬᠤ ᠡᠷᠦᠬᠡ ᠶᠢ ᠪᠠᠭᠳᠠᠭᠠᠬᠤ ᠦᠭᠡᠢ︶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠬᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 7 ᠬᠤᠪᠢ ᠳᠠᠪᠠᠵᠤ᠂ ᠰᠠᠶᠢᠨ ᠰᠠᠶᠢᠬᠠᠨ ᠬᠠᠨᠳᠤᠰᠢ ᠪᠠᠨ ᠦᠷᠬᠦᠯᠵᠢᠯᠡᠨ ᠪᠠᠳᠤᠯᠠᠪᠠ᠃   ᠡᠨᠡ ᠵᠢᠯ ᠤᠨ ᠲᠦᠷᠦᠭᠦᠦ 8 ᠰᠠᠷ᠎ᠠ ᠳᠤ ᠮᠠᠨ ᠤ ᠤᠷᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠶᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠢᠢ ᠭᠦᠨᠵᠡᠭᠡᠢ ᠲᠤᠭᠤᠰᠢᠯᠠᠭᠤᠯᠵᠤ᠂ ︽ᠳᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠱᠠᠯᠠᠪᠳᠠᠭᠤᠯᠤᠨ ᠠᠬᠢᠭᠤᠯᠵᠤ᠂ ᠨᠡᠮᠡᠭᠳᠡᠯ ᠢ ᠳᠤᠭᠳᠠᠪᠤᠷᠢᠵᠢᠭᠤᠯᠤᠨ ᠬᠡᠷᠡᠭᠴᠡᠭᠡ ᠶᠢ ᠦᠷᠭᠡᠳᠭᠡᠬᠦ ᠪᠠᠷ ᠬᠦᠴᠦᠯᠡᠨ ᠴᠢᠷᠮᠠᠶᠢᠭᠰᠠᠨ ᠢᠢᠡᠷ ᠪᠦᠬᠦ ᠤᠷᠤᠨ ᠤ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠦᠷᠭᠦᠯᠵᠢᠯᠡᠨ ᠬᠤᠶᠠᠷ ᠤᠷᠤᠨᠳᠤ ᠲᠤᠭ᠎ᠠ ᠶᠢᠨ ᠨᠡᠮᠡᠭᠳᠡᠯ ᠢ ᠪᠠᠳᠤᠯᠠᠵᠠᠢ᠃ ᠲᠦᠷᠦᠯ ᠵᠦᠢᠯ ᠤᠨ ᠬᠤᠪᠢ ᠳᠤ᠂ ᠡᠨᠡ ᠵᠢᠯ ᠮᠠᠨ ᠤ ᠤᠷᠤᠨ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ 5000 ᠲᠦᠮᠡᠨ ᠲᠦᠭᠦᠷᠢᠭ ᠠᠴᠠ ᠳᠡᠭᠡᠭᠰᠢᠬᠢ᠂ ᠠᠵᠤ ᠠᠬᠤᠶᠢᠯᠠᠯ ᠤᠨ ᠪᠡᠯᠡ ᠤᠷᠤᠭᠤᠯᠤᠭᠰᠠᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ᠂ ᠶᠡᠷᠦᠩᠬᠡᠢ ᠪᠡᠯᠡ ᠤᠷᠤᠭᠤᠯᠤᠯᠳᠠ ᠨᠢ 3.35 ᠲᠦᠮᠡᠨ ᠳ᠋ᠦᠩᠰᠢᠭᠤᠷ ᠲᠦᠭᠦᠷᠢᠭ ᠬᠦᠷᠬᠦ 3127 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠤ᠂ ᠪᠦᠬᠦ ᠵᠢᠯ ᠳᠤ 9051 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠃ 8 ᠰᠠᠷ᠎ᠠ ᠶᠢᠨ ᠰᠡᠭᠦᠯᠴᠢ ᠪᠤᠯᠳᠠᠯ᠎ᠠ ᠨᠢᠬᠡᠨᠳᠡ 6347 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠵᠢᠯ ᠤᠨ ᠲᠦᠯᠦᠪᠯᠡᠭᠡ ᠶᠢᠨ ᠢᠶᠠᠨ 70% ᠶᠢ ᠪᠡᠶᠡᠯᠡᠭᠦᠯᠪᠠ᠃ ᠬᠦᠷᠢᠶ᠎ᠠ ᠴᠠᠷᠠᠭ᠎ᠠ ᠶᠢᠨ ᠬᠤᠪᠢ ᠳᠤ᠂ ᠲᠦᠷᠦᠭᠦᠦ 8 ᠰᠠᠷ᠎ᠠ ᠳᠤ ᠪᠦᠬᠦ ᠤᠷᠤᠨ ᠤ ᠰᠠᠭᠤᠷᠢ ᠲᠦᠬᠦᠭᠡᠷᠦᠮᠵᠢ ᠳᠠᠬᠢ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠵᠦ᠂ ᠦᠢᠯᠡᠳᠬᠦ ᠦᠢᠯᠡᠰ ᠲᠠᠬᠢ ᠪᠡᠯᠡ ᠤᠷᠤᠭᠤᠯᠤᠯᠳᠠ 7.1% ᠪᠠᠷ ᠨᠡᠮᠡᠭᠳᠡᠨ᠂ ᠭᠡᠷ ᠭᠠᠵᠠᠷ ᠤᠨ ᠬᠦᠷᠦᠩᠭᠡ ᠶᠢᠨ ᠨᠡᠭᠡᠭᠡᠨ ᠬᠦᠭᠵᠢᠭᠦᠯᠤᠯᠳᠠ ᠳᠠᠬᠢ ᠪᠡᠯᠡ ᠤᠷᠤᠭᠤᠯᠤᠯᠳᠠ 3.4% ᠪᠠᠷ ᠪᠠᠭᠤᠷᠠᠵᠠᠢ᠃ ᠠᠵᠤ ᠦᠢᠯᠡᠰ ᠤᠨ ᠬᠤᠪᠢ ᠳᠤ᠂ ᠲᠦᠷᠦᠭᠦᠦ 8 ᠰᠠᠷ᠎ᠠ ᠳᠤ ᠪᠦᠬᠦ ᠤᠷᠤᠨ ᠤ ᠨᠢᠭᠡᠳᠦᠭᠡᠷ ᠠᠵᠤ ᠦᠢᠯᠡᠰ ᠲᠠᠬᠢ ᠪᠡᠯᠡ ᠤᠷᠤᠭᠤᠯᠤᠯᠳᠠ 56.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠲᠠᠬᠢ ᠪᠡᠯᠡ ᠤᠷᠤᠭᠤᠯᠤᠯᠳᠠ 11.9% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠲᠠᠬᠢ ᠪᠡᠯᠡ ᠤᠷᠤᠭᠤᠯᠤᠯᠳᠠ 3.8% ᠪᠠᠷ ᠨᠡᠮᠡᠭᠳᠡᠪᠡ᠃ ᠡᠬᠦᠨ ᠳᠤ ᠬᠤᠶᠠᠳᠤᠭᠠᠷ ᠠᠵᠤ ᠦᠢᠯᠡᠰ ᠤᠨ ᠲᠤᠳᠤᠷ᠎ᠠ ᠠᠵᠤ ᠦᠢᠯᠡᠳᠪᠤᠷᠢ ᠶᠢᠨ ᠪᠡᠯᠡ ᠤᠷᠤᠭᠤᠯᠤᠯᠳᠠ 11.8% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号