ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠡᠲᠡᠭᠡᠳ ᠢ ᠨᠡᠶᠢᠲᠡᠯᠡᠵᠠᠢ
ᠨᠡᠶᠢᠲᠡᠯᠡᠭᠰᠡᠨ ᠴᠠᠭ᠄
2024/10/16
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠨᠢ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ᠂ ᠪᠠᠶᠠᠨᠠᠤᠪᠤᠭ᠎ᠠ ᠠᠭᠤᠷᠬᠠᠢ ᠶᠢᠨ ᠲᠣᠭᠤᠷᠢᠭ᠂ ᠵᠢᠦ ᠶᠤᠸᠠᠨ ᠲᠣᠭᠤᠷᠢᠭ᠂ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ᠂ ᠵᠠᠯᠠᠶᠢᠨᠠᠭᠤᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠷᠠᠰᠢᠶᠠᠨ ᠬᠤᠲᠠ᠂ ᠵᠠᠯᠠᠶᠢᠳ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠺᠠᠶᠢᠯᠦ ᠰᠢᠶᠠᠨ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤ᠂ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠬᠠᠩᠭᠢᠨ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ᠂ ᠦᠬᠠᠶ ᠬᠤᠲᠠ ᠶᠢᠨ ᠬᠠᠶᠢᠨᠠᠨ ᠲᠣᠭᠤᠷᠢᠭ᠂ ᠤᠳᠠ ᠶᠢᠨ ᠲᠤᠬᠤᠢ ᠲᠣᠭᠤᠷᠢᠭ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠵᠡᠷᠭᠡ 30 ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠪᠦᠯᠦᠭᠯᠡᠯ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠬᠢᠵᠠᠭᠠᠷᠲᠤ ᠺᠣᠮᠫᠠᠨᠢ ᠵᠡᠷᠭᠡ ᠤᠯᠤᠰ ᠤᠨ ᠥᠮᠴᠢᠯᠡᠯ ᠤᠨ 6 ᠠᠵᠤ ᠠᠬᠤᠶᠢᠯᠠᠯ ᠤᠨ ᠨᠠᠮ ᠤᠨ ᠬᠤᠷᠢᠶ᠎ᠠ ᠳᠤ ᠵᠤᠷᠰᠢᠯᠳᠤ ᠲᠣᠭᠤᠷᠢᠨ ᠪᠠᠶᠢᠴᠠᠭᠠᠯᠲᠠ ᠥᠷᠨᠢᠭᠦᠯᠦᠨ᠎ᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠣᠷᠣᠨ ᠤ ᠰᠢᠭᠤᠳ ᠬᠠᠷᠢᠶ᠎ᠠ 3 ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠳᠤ ᠬᠥᠳᠡᠯᠦᠩᠭᠦᠶ ᠲᠣᠭᠤᠷᠢᠨ ᠪᠠᠶᠢᠴᠠᠭᠠᠯᠲᠠ ᠥᠷᠨᠢᠭᠦᠯᠦᠨ᠎ᠠ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号