ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/10/16
   ᠰᠦᠨ ᠱᠤᠤ ᠴᠧᠩ ᠬᠤᠷᠠᠯ ᠢ ᠡᠷᠬᠢᠯᠡᠵᠠᠢ   10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠭᠤᠣᠯ ᠰᠢᠵᠢᠮ ᠢ ᠨᠠᠶᠢᠳᠠᠪᠦᠷᠢᠵᠢᠭᠤᠯᠬᠤ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠭᠠᠷᠳᠡᠴᠡ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠶ᠊ ᠡᠶ᠎ᠡ ᠶᠢ ᠨᠠᠷᠢᠯᠢᠬᠵᠢᠭᠤᠯᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ ᠪᠠᠶᠢᠭᠠᠳ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠤᠭᠰᠠᠨ ᠨᠡᠩ ᠣᠯᠠᠨ ᠰᠣᠶᠣᠯ ᠤᠨ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠠᠵᠢᠬᠤ ᠪᠣᠳᠠᠰ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠶᠢ ᠳᠠᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠬᠤ ᠬᠡᠷᠡᠭᠲᠡᠢ᠃ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ ᠪᠥᠬᠦ ᠣᠷᠣᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠠᠭᠠᠲᠤᠷ ᠵᠢᠱᠢᠶᠡᠴᠢ ᠪᠠᠷ ᠥᠯᠢᠭᠡᠷ ᠳᠠᠭᠤᠷᠢᠶᠠᠯ ᠪᠣᠯᠭᠠᠵᠤ᠂ ᠬᠡᠬᠦᠳᠡᠭ ᠴᠡᠭᠡᠵᠢᠨ ᠳᠡᠭᠡᠨ ᠠᠤᠭ᠎ᠠ ᠵᠣᠷᠢᠭ ᠢ ᠡᠪᠦᠷᠯᠡᠨ ᠠᠵᠢᠯ ᠬᠢᠵᠦ ᠦᠢᠯᠡᠰ ᠪᠤᠰᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠤᠬᠠᠮᠰᠠᠷ ᠠᠴᠠ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠬᠡᠷᠡᠭᠲᠡᠶ᠃ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ᠃ ᠡᠯ᠎ᠡ ᠹᠷᠣᠨᠲ ᠤᠨ ᠲᠡᠷᠢᠭᠦᠨ ᠤ ᠵᠢᠱᠢᠶᠡᠴᠢ ᠶᠢ ᠶᠡᠭᠡ ᠪᠠᠷ ᠤᠬᠠᠭᠤᠯᠵᠤ᠂ ᠪᠠᠭᠠᠲᠤᠷᠴᠤᠳ ᠢ ᠬᠦᠨᠳᠦᠳᠭᠡᠨ ᠪᠢᠰᠢᠷᠡᠬᠦ᠂ ᠪᠠᠭᠠᠲᠤᠷ ᠪᠣᠯᠬᠤ ᠪᠠᠷ ᠴᠢᠷᠮᠠᠶᠢᠬᠤ ᠦᠳᠭᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠣᠷᠣᠨ ᠳᠠᠶᠠᠭᠠᠷ ᠲᠤ ᠬᠥᠮᠦᠨ ᠪᠦᠬᠦᠨ ᠠᠵᠢᠯ ᠶᠠᠪᠤᠳᠠᠯ ᠬᠢᠬᠦ ᠳᠤᠷᠠᠲᠠᠶ᠂ ᠠᠵᠢᠯ ᠶᠠᠪᠤᠳᠠᠯ ᠪᠦᠲᠦᠭᠡᠬᠦ ᠳᠤᠷᠠᠲᠠᠶ ᠠᠮᠢᠳᠤᠯᠢᠭ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠨᠢᠭᠡᠳᠦᠭᠡᠷ ᠬᠦᠨᠳᠦ ᠬᠡᠯᠪᠡᠷᠢ ᠶᠢᠨ ᠮᠠᠰᠢᠨ ᠮᠧᠬᠠᠨᠢᠭ ᠤᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ᠂ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠵᠢᠴᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠭᠡᠭᠰᠡᠨ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠪᠠ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃   ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号