ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
    ᠸᠠᠩ ᠯᠢ ᠰᠢᠶᠠ ᠬᠤᠷᠠᠯ ᠢ ᠡᠷᠭᠢᠯᠡᠵᠠᠢ   10 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ︽ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠰᠠᠶᠢᠲᠤᠷ ᠠᠳᠬᠤᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠢ ᠤᠬᠠᠭᠤᠯᠵᠤ ᠲᠠᠶᠢᠯᠪᠤᠷᠢᠯᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠭᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠤᠷᠢᠳᠴᠢᠯᠠᠨ ᠬᠢᠨᠠᠨ ᠪᠠᠶᠢᠴᠠᠭᠠᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠨᠡᠶᠢᠳᠡᠮ ᠪᠠᠶᠢᠴᠠᠭᠠᠯᠲᠠ ᠬᠢᠬᠦ ᠶᠢᠨ ᠳᠠᠭᠠᠤ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ᠳᠠᠭᠠᠤ ᠲᠣᠭᠲᠠᠴᠠ ᠪᠠᠨ ᠲᠡᠭᠦᠯᠳᠡᠷᠵᠢᠭᠦᠯᠵᠦ᠂ ᠬᠤᠪᠣᠷ ᠨᠠᠨᠳᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠤᠯᠪᠣᠭᠠᠯᠠᠨ ᠪᠠᠶᠢᠭᠤᠯᠵᠤ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠶᠡᠭᠡ ᠬᠢᠩᠭᠠᠨ ᠳᠠᠪᠠᠭ᠎ᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠲᠤᠰᠬᠠᠶ ᠲᠥᠯᠥᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃   ᠬᠤᠷᠠᠯ ᠠᠴᠠ ᠬᠥᠬᠡᠬᠤᠲᠠ ᠶᠢᠨ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠲᠥᠪ ᠢ ᠲᠦᠷᠭᠡᠳᠭᠡᠨ ᠪᠠᠶᠢᠭᠤᠯᠬᠤ ᠶᠢ ᠳᠡᠮᠵᠢᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠡᠭᠦᠳᠦᠯᠳᠠ ᠶᠢᠨ ᠴᠢᠨᠠᠷᠲᠠᠶ᠂ ᠰᠢᠪᠲᠤᠯᠤᠯᠲᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠶᠢᠳᠡᠯᠡᠵᠤ᠂ ᠬᠥᠬᠡᠬᠤᠲᠠ ᠶᠢᠨ ᠥᠨᠳᠥᠷ ᠲᠦᠪᠰᠢᠨ ᠪᠥᠬᠦᠶ ᠮᠥᠩᠭᠦᠨ ᠭᠦᠢᠯᠭᠡᠭᠡᠨ ᠤ ᠲᠥᠪᠯᠡᠷᠡᠯ ᠤᠨ ᠣᠷᠣᠨ ᠢ ᠲᠦᠷᠭᠡᠳᠭᠡᠨ ᠪᠠᠶᠢᠭᠤᠯᠵᠤ᠂ ᠪᠥᠬᠦ ᠣᠷᠣᠨ ᠢ ᠬᠥᠲᠥᠯᠥᠨ ᠳᠠᠭᠠᠭᠤᠯᠵᠤ ᠮᠥᠩᠭᠦᠨ ᠭᠦᠢᠯᠭᠡᠭᠡᠨ ᠤ ᠰᠢᠨ᠎ᠡ ᠪᠠᠶᠢᠳᠠᠯ ᠢ ᠡᠬᠦᠳᠬᠦ ᠲᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠡᠨᠧᠷᠭᠢ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠠᠵᠢᠯ ᠤᠨ ᠲᠥᠰᠦᠯ ᠢ ᠬᠢᠨᠠᠨ ᠵᠥᠪᠯᠡᠵᠦ ᠪᠠᠲᠤᠯᠠᠨ᠂ ᠲᠤᠨᠤᠭ ᠲᠥᠬᠦᠭᠡᠷᠦᠮᠵᠢ ᠶᠢ ᠰᠢᠨᠡᠳᠭᠡᠬᠦ ᠠᠵᠢᠯ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠨ ᠤ ᠡᠭᠦᠷᠭᠡ ᠶᠢᠨ ᠠᠵᠢᠯ ᠤᠨ ᠨᠠᠷᠢᠨ ᠲᠠᠩᠰᠠ ᠶᠢ ᠨᠠᠷᠢᠯᠢᠬᠵᠢᠭᠤᠯᠤᠨ᠂ ᠰᠢᠨᠡᠳᠭᠡᠨ ᠥᠭᠡᠷᠡᠴᠢᠯᠡᠬᠦ ᠠᠯᠬᠤᠭ᠎ᠠ ᠶᠢ ᠲᠦᠷᠭᠡᠳᠭᠡᠵᠦ᠂ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠬᠦᠴᠦᠯᠡᠨ ᠳᠡᠭᠡᠭᠰᠢᠯᠡᠭᠦᠯᠵᠦ᠂ ᠠᠵᠠ ᠲᠣᠬᠢᠶᠠᠯ ᠢ ᠠᠮᠵᠢᠨ ᠠᠵᠤ ᠦᠢᠯᠡᠰ ᠤᠨ ᠲᠡᠰ ᠳᠠᠪᠬᠤᠷᠭ᠎ᠠ ᠶᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃   ᠬᠤᠷᠠᠯ ᠠᠴᠠ ᠪᠠᠰᠠ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号