ᠯᠢ ᠴᠢᠶᠠᠩ ᠺᠢᠷᠭᠢᠽᠰᠲ᠋ᠠᠨ ᠤ ᠶᠡᠷᠦᠩᠬᠡᠢ ᠰᠠᠶᠢᠳ ᠵᠠᠫᠠᠯᠤᠹ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/16
   ᠰᠢᠨᠬᠤᠸᠠ ᠬᠤᠷᠢᠶᠠᠨ ᠤ ᠢᠰᠯᠠᠮᠪᠠᠳ ᠤᠨ 10 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 15 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠢᠰᠯᠠᠮᠪᠠᠳ ᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠵᠠᠰᠠᠭ ᠤᠨ ᠣᠷᠳᠣᠨ ᠤ ᠲᠡᠷᠢᠭᠦᠨ ᠤ ᠶᠡᠷᠦᠩᠬᠡᠢ ᠰᠠᠶᠢᠳ ᠤ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠬᠤᠷᠠᠯᠳᠤᠭᠠᠨ ᠤ ᠬᠤᠭᠤᠴᠠᠭᠠᠨ ᠳᠤ ᠺᠢᠷᠭᠢᠽᠰᠲ᠋ᠠᠨ ᠤ ᠶᠡᠷᠦᠩᠬᠡᠢ ᠰᠠᠶᠢᠳ ᠵᠠᠫᠠᠯᠤᠹ ᠲᠠᠢ ᠠᠭᠤᠯᠵᠠᠪᠠ᠃
031.jpg
    ᠯᠢ ᠴᠢᠶᠠᠩ᠂ ᠡᠨᠡ ᠵᠢᠯ ᠤᠨ 7 ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠪᠣᠯᠤᠨ ᠵᠠᠫᠠᠯᠤᠹ ᠶᠡᠷᠦᠩᠬᠡᠶᠢᠯᠡᠭᠴᠢ ᠲᠠᠢ ᠠᠰᠲ᠋ᠠᠨᠠ ᠳᠤ ᠠᠭᠤᠯᠵᠠᠵᠤ᠂ ᠨᠡᠩ ᠨᠢᠭᠲᠠ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠪᠣᠯᠤᠨ ᠬᠠᠮᠲᠤᠷᠠᠯᠴᠠᠭᠠᠨ ᠤ ᠬᠥᠭᠵᠢᠯᠲᠡ ᠶᠢ ᠠᠬᠢᠭᠤᠯᠬᠤ ᠲᠤᠬᠠᠢ ᠨᠡᠩ ᠥᠨᠳᠥᠷ ᠲᠦᠪᠰᠢᠨ ᠳᠤ ᠬᠦᠷᠬᠦ ᠲᠤᠬᠠᠢ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠬᠢᠵᠡᠢ᠃ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠲᠠᠭᠠᠭᠤᠯᠭ᠎ᠠ ᠶᠢ ᠵᠢᠷᠤᠮᠯᠠᠵᠤ᠂ ᠳᠤᠮᠳᠠᠳᠤ ᠺᠢᠷᠭᠢᠽᠰᠲ᠋ᠠᠨ ᠤ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠠᠮᠲᠤ ᠶᠢᠨ ᠬᠥᠭᠵᠢᠯ ᠴᠡᠴᠡᠭᠯᠡᠯ ᠢ ᠨᠡᠩ ᠰᠠᠶᠢᠲᠤᠷ ᠠᠬᠢᠭᠤᠯᠤᠨ᠎ᠠ᠃    ᠯᠢ ᠴᠢᠶᠠᠩ ᠵᠢᠭᠠᠬᠤ ᠳᠤ ᠪᠠᠨ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠲᠠᠢ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠦᠨᠳᠦᠷᠴᠡ ᠪᠣᠯᠤᠨ ᠠᠯᠤᠰ ᠬᠡᠳᠦ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠬᠦ ᠶᠢ ᠪᠠᠷᠢᠮᠲᠠᠯᠠᠵᠤ᠂ ᠬᠠᠷᠢᠯᠴᠠᠨ ᠡᠷᠡᠰ ᠳᠡᠮᠵᠢᠵᠦ᠂ ᠬᠠᠷᠢᠯᠴᠠᠨ ᠢᠲᠡᠭᠡᠵᠦ ᠪᠣᠯᠬᠤ᠂ ᠨᠠᠶᠢᠳᠠᠪᠤᠷᠢᠲᠠᠢ ᠬᠠᠨᠢᠲᠠᠨ ᠪᠣᠯᠤᠨ᠎ᠠ ᠭᠡᠵᠡᠢ᠃ ᠳᠤᠮᠳᠠᠳᠤ ᠤᠯᠤᠰ ᠳᠤᠷᠠᠲᠠᠶ᠎ᠠ ᠭᠢᠷᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠣᠭᠤᠮᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠲᠡᠭᠦᠯᠳᠡᠷᠵᠢᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ᠂ ᠲᠤᠮᠤ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠨᠡᠩ ᠣᠯᠠᠨ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ᠃ ᠬᠤᠶᠠᠷ ᠲᠠᠯ᠎ᠠ ᠪᠠᠷ ᠢᠶᠠᠨ ᠰᠣᠶᠣᠯ ᠵᠤᠭᠠᠴᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠤ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠨᠥᠬᠦᠷᠰᠡᠭ ᠦᠶ᠎ᠡ ᠶᠢᠨ ᠤᠯᠠᠮᠵᠢᠯᠠᠯ ᠢ ᠪᠠᠳᠠᠷᠠᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠭᠢᠷᠢᠨ ᠲᠠᠢ ᠬᠠᠮᠲᠤ ᠨᠢᠳᠤᠨᠤᠨ ᠤ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠣᠯᠤᠭᠰᠠᠨ ᠡᠯ᠎ᠡ ᠵᠦᠢᠯ ᠤᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠣᠷ᠎ᠠ ᠣᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ︽ᠱᠠᠩᠬᠠᠢ ᠶᠢᠨ ᠵᠣᠷᠢᠭ ᠰᠠᠨᠠᠭ᠎ᠠ︾ ᠶᠢ ᠡᠷᠡᠰ ᠪᠠᠳᠠᠷᠠᠭᠤᠯᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯᠲᠡ ᠳᠤ ᠨᠡᠩ ᠣᠯᠠᠨ ᠲᠣᠭᠲᠠᠭᠠᠯᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ᠃    ᠵᠠᠫᠠᠯᠤᠹ ᠢᠯᠡᠷᠬᠡᠶᠢᠯᠡᠬᠦ ᠳᠡᠭᠡᠨ᠄ ᠵᠢᠰᠢᠶ᠎ᠠ ᠳᠤᠮᠳᠠᠳᠤ ᠶᠢᠨ ᠰᠠᠶᠢᠨ ᠬᠥᠷᠰᠢ ᠶᠢᠨ ᠬᠠᠷᠢᠴᠠᠭ᠎ᠠ ᠤᠷᠲᠤ ᠬᠤᠭᠤᠴᠠᠭᠠᠨ ᠤ ᠨᠥᠬᠦᠷᠰᠡᠭ ᠢᠶᠠᠷ᠂ ᠬᠤᠶᠠᠷ ᠤᠯᠤᠰ ᠤᠨ ᠳᠡᠭᠡᠳᠦ ᠳᠠᠪᠬᠤᠷᠭᠠᠨ ᠤ ᠶᠠᠪᠤᠯᠴᠠᠭ᠎ᠠ ᠨᠢᠭᠲᠠᠷᠠᠵᠤ᠂ ᠠᠵᠤ ᠠᠬᠤᠢ ᠠᠷᠠᠯᠵᠢᠶᠠᠨ ᠤ ᠬᠠᠮᠲᠤ ᠶᠢᠨ ᠠᠵᠢᠯᠯᠠᠭ᠎ᠠ ᠪᠠᠶᠠᠯᠢᠭ ᠦᠷ᠎ᠡ ᠪᠦᠲᠦᠮᠵᠢ ᠣᠯᠵᠠᠢ᠃ ᠳᠤᠮᠳᠠᠳᠤ ᠤᠯᠤᠰ ᠤᠨ ᠵᠢᠢ ᠯᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ ᠺᠢᠷᠭᠢᠽᠰᠲ᠋ᠠᠨ  ᠤ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ ᠬᠠᠮᠲᠤ ᠪᠠᠷ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠵᠢᠢ ᠦ᠋ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠮᠥᠩᠭᠦᠨ ᠭᠦᠢᠯᠭᠡᠭᠡ᠂ ᠠᠭᠤᠷᠬᠠᠢ ᠶᠢᠨ ᠦᠢᠯᠡᠰ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠢᠢ ᠾᠧ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠭᠢᠷᠢᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠤᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠳᠤᠷᠠᠳᠬᠤ ᠶᠢ ᠡᠷᠡᠰ ᠳᠠᠮᠵᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠪᠣᠯᠤᠨ ᠳᠤᠮᠳᠠᠳᠤ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭ᠎ᠠ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠪᠣᠯᠤᠨ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号