ᠯᠢ ᠴᠢᠶᠠᠩ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/16
   ᠰᠢᠨᠬᠤᠸᠠ ᠬᠤᠷᠢᠶᠠᠨ ᠤ ᠢᠰᠯᠠᠮᠪᠠᠳ ᠤᠨ 10 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 15 ᠤ ᠡᠳᠦᠷ ᠫᠠᠺᠢᠰᠲ᠋ᠠᠨ ᠤ ᠶᠡᠷᠦᠩᠬᠡᠶᠢᠯᠡᠭᠴᠢ ᠶᠢᠨ ᠣᠷᠳᠣᠨ ᠳᠤ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠲᠠᠢ ᠠᠭᠤᠯᠵᠠᠪᠠ᠃
030.jpg
    ᠯᠢ ᠴᠢᠶᠠᠩ ᠶᠠᠭᠤᠨ ᠤ ᠡᠮᠦᠨ᠎ᠡ ᠰᠢ ᠶᠢᠨ ᠫᠢᠩ ᠲᠡᠷᠢᠭᠦᠯᠡᠭᠴᠢ ᠶᠢᠨ ᠵᠠᠷᠳᠠᠯᠢ ᠳᠤ ᠬᠦᠷᠭᠡᠭᠰᠡᠨ ᠳᠣᠲᠣᠨᠣ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯᠤᠨ ᠫᠠᠺᠢᠰᠲ᠋ᠠᠨ ᠪᠣᠯ ᠥᠨᠢ ᠤᠳᠠᠭᠠᠨ ᠨᠥᠬᠦᠷᠰᠡᠭ ᠤᠯᠠᠮᠵᠢᠯᠠᠯ ᠲᠠᠢ ᠰᠠᠶᠢᠨ ᠬᠥᠷᠰᠢ ᠵᠡᠷᠭᠡᠯᠡᠳᠡᠭᠡ᠂ ᠰᠠᠶᠢᠨ ᠨᠠᠶᠢᠵᠠ᠂ ᠰᠠᠶᠢᠨ ᠬᠠᠨᠢᠲᠠᠨ᠂ ᠰᠠᠶᠢᠨ ᠠᠬ᠎ᠠ ᠳᠡᠭᠦᠦ ᠮᠥᠨ᠂ ᠬᠤᠶᠠᠷ ᠤᠯᠤᠰ ᠤᠨ ᠪᠠᠲᠤ ᠪᠠᠬᠢ ᠨᠥᠬᠦᠷᠯᠡᠯ ᠶᠠᠪᠤᠬᠤ ᠲᠤᠲᠤᠮ ᠪᠠᠲᠤᠵᠢᠵᠤ᠂ ᠶᠠᠪᠤᠬᠤ ᠲᠤᠲᠤᠮ ᠰᠢᠨᠡᠳᠴᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠪᠣᠯᠤᠨ ᠪᠠᠷᠪᠠᠳᠤᠰ ᠤᠨ ᠤᠳᠤᠷᠢᠳᠬᠤ ᠬᠥᠮᠦᠰ ᠤᠨ ᠪᠠᠶᠢᠯᠳᠤᠬᠤ ᠪᠣᠳᠣᠯᠭ᠎ᠠ ᠶᠢᠨ ᠲᠠᠭᠠᠭᠤᠯᠭ᠎ᠠ ᠳᠣᠣᠷ᠎ᠠ᠂ ᠳᠤᠮᠳᠠᠳᠤ ᠫᠠᠺᠢᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠠᠯᠢᠭ᠂ ᠨᠥᠬᠦᠷᠰᠡᠭ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ ᠪᠠᠬᠢ ᠪᠣᠯᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠦᠨᠳᠦᠷᠴᠡ ᠪᠣᠯᠤᠨ ᠠᠯᠤᠰ ᠬᠡᠳᠦ ᠶᠢᠨ ᠬᠠᠷᠠᠭᠠᠰᠤ ᠠᠴᠠ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠳᠤ ᠬᠠᠨᠳᠤᠵᠤ᠂ ᠫᠠᠺᠢᠰᠲ᠋ᠠᠨ ᠢ ᠢᠮᠠᠭᠲᠠ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠳᠤ ᠲᠠᠯᠪᠢᠵᠤ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠫᠠᠺᠢᠰᠲ᠋ᠠᠨ ᠤ ᠨᠥᠬᠦᠷᠯᠡᠯ ᠪᠣᠯᠤᠨ ᠬᠠᠮᠲᠤᠷᠠᠯᠴᠠᠭ᠎ᠠ ᠶᠢᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠣᠯᠠᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ᠯᠢ ᠴᠢᠶᠠᠩ ᠵᠢᠭᠠᠬᠤ ᠳᠤ ᠪᠠᠨ᠂ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨ ᠤ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠪᠠᠲᠤ ᠬᠠᠷᠢᠯᠴᠠᠨ ᠳᠡᠮᠵᠢᠨ᠎ᠡ ᠭᠡᠵᠡᠢ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠬᠢᠯ ᠢ ᠦᠷᠭᠦᠯᠵᠢᠯᠡᠨ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠨᠡᠩ ᠰᠠᠶᠢᠲᠤᠷ ᠪᠡᠶᠡᠯᠡᠭᠦᠯᠦᠨ᠎ᠡ ᠭᠡᠵᠡᠢ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠠᠮᠤᠷ ᠲᠦᠪᠰᠢᠨ ᠤ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠪᠠᠷᠪᠠᠳᠤᠰ ᠤᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠤᠯᠤᠰ ᠤᠨ ᠬᠥᠮᠦᠰ᠂ ᠪᠠᠶᠢᠭᠤᠯᠤᠮᠵᠢ ᠪᠣᠯᠤᠨ ᠲᠥᠷᠥᠯ ᠵᠦᠢᠯ ᠤᠨ ᠠᠮᠤᠷ ᠲᠦᠪᠰᠢᠨ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠪᠠᠲᠤᠯᠠᠨ᠎ᠠ ᠭᠡᠵᠦ ᠢᠲᠡᠭᠡᠵᠦ ᠪᠠᠶᠢᠨ᠎ᠠ᠃    ᠵᠠᠷᠳᠠᠯᠢ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠬᠠᠯᠠᠭᠤᠨ ᠮᠡᠨᠳᠦ ᠪᠠᠨ ᠯᠢ ᠴᠢᠶᠠᠩ ᠳᠠᠮᠵᠢᠭᠤᠯᠪᠠ᠃ ᠵᠠᠷᠳᠠᠯᠢ ᠢᠯᠡᠷᠬᠡᠶᠢᠯᠡᠬᠦ ᠳᠤ ᠪᠠᠨ᠂ ᠫᠠᠺᠢᠰᠲ᠋ᠠᠨ ᠳᠤᠮᠳᠠᠳᠤ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ᠂ ᠬᠥᠮᠦᠰ ᠤᠨ ᠰᠡᠳᠬᠢᠯ ᠳᠤ ᠭᠦᠨ ᠬᠠᠳᠠᠩᠰᠢᠵᠠᠢ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠫᠠᠺᠢᠰᠲ᠋ᠠᠨ ᠳᠤᠮᠳᠠᠳᠤ ᠤᠯᠤᠰ ᠢᠮᠠᠭᠲᠠ ᠯᠠᠪᠳᠠᠭᠤᠨ ᠲᠣᠭᠲᠠᠭᠤᠨ ᠢᠶᠠᠷ ᠤᠷᠤᠭᠰᠢᠯᠠᠵᠤ᠂ ᠰᠢᠨ᠎ᠡ ᠲᠦᠪᠰᠢᠨ ᠳᠤ ᠬᠦᠷᠪᠡ᠃ ᠫᠠᠺᠢᠰᠲ᠋ᠠᠨ᠋ ᠤ᠊ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠦᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ᠃ ᠫᠠᠬᠢᠰᠲᠠᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠯᠤᠭ᠎ᠠ ᠬᠠᠮᠲᠤ ᠶᠢᠨ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷ᠎ᠡ ᠡᠷᠡᠰ ᠳᠡᠮᠵᠢᠯᠴᠡᠵᠦ᠃ ᠫᠠᠺᠢᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠬᠢᠯ ᠤᠨ ᠪᠦᠲᠦᠭᠡᠨ  ᠪᠠᠶᠢᠭᠤᠯᠤᠯᠳᠠ ᠶᠢ ᠠᠬᠢᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠮᠦᠨ ᠰᠣᠶᠣᠯ ᠢᠷᠭᠡᠨᠰᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠨᠢᠬᠳᠠᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号