︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ — ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2024/10/16
   ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠰᠠᠨ 10 ᠵᠢᠯ ᠤᠨ ᠣᠶ ᠶᠢᠨ ᠲᠠᠰᠢᠷᠠᠮ ᠢᠶᠠᠷ᠂ 10 ᠰᠠᠷ᠎ᠠ ᠶᠢᠨ 16 ᠤ ᠡᠳᠦᠷ ᠬᠡᠪᠯᠡᠭᠳᠡᠭᠰᠡᠨ 20 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2014 ᠣᠨ ᠤ 10 ᠰᠠᠷ᠎ᠠ ᠶᠢᠨ 15 ᠤ ᠡᠳᠦᠷ ᠤᠨ ︽ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠢᠢ ᠳᠠᠬᠢᠨ ᠨᠡᠶᠢᠲᠡᠯᠡᠪᠡ᠃   ᠶᠠᠷᠢᠶ᠎ᠠ ᠳᠤ᠂ ᠤᠳᠬ᠎ᠠ ᠤᠷᠠᠯᠢᠭ ᠤᠨ ᠦᠢᠯᠡᠰ ᠪᠣᠯ ᠨᠠᠮ ᠪᠣᠯᠤᠨ ᠠᠷᠠᠳ ᠲᠦᠮᠡᠨ ᠤ ᠴᠢᠬᠤᠯᠠ ᠦᠢᠯᠡᠰ ᠮᠥᠨ᠂ ᠤᠳᠬ᠎ᠠ ᠤᠷᠠᠯᠢᠭ ᠤᠨ ᠹᠷᠣᠨᠲ ᠪᠣᠯ ᠨᠠᠮ ᠪᠣᠯᠤᠨ ᠠᠷᠠᠳ ᠲᠦᠮᠡᠨ ᠤ ᠴᠢᠬᠤᠯᠠ ᠹᠷᠣᠨᠲ ᠮᠥᠨ᠃ ᠤᠳᠬ᠎ᠠ ᠤᠷᠠᠯᠢᠭ ᠪᠣᠯ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠮᠥᠨ᠂ ᠨᠢᠭᠡ ᠴᠠᠭ ᠦᠶ᠎ᠡ ᠶᠢᠨ ᠳᠦᠷᠰᠦ ᠪᠠᠶᠢᠳᠠᠯ ᠢ ᠬᠠᠮᠤᠭ ᠠᠴᠠ ᠢᠯᠡᠭᠦᠦ ᠲᠥᠯᠥᠭᠡᠯᠡᠵᠦ᠂ ᠨᠢᠭᠡ ᠴᠠᠭ ᠦᠶ᠎ᠡ ᠶᠢᠨ ᠬᠡᠪ ᠰᠤᠷᠲᠠᠯ ᠢ ᠬᠠᠮᠤᠭ ᠠᠴᠠ ᠢᠯᠡᠭᠦᠦ ᠬᠥᠲᠥᠯᠥᠨ ᠳᠠᠭᠠᠭᠤᠯᠵᠤ ᠴᠢᠳᠠᠨ᠎ᠠ᠃ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠤᠳᠬ᠎ᠠ ᠤᠷᠠᠯᠢᠭ ᠤᠨ ᠦᠢᠯᠡᠳᠦᠯ ᠣᠷᠣᠯᠠᠭᠤᠯᠵᠤ ᠪᠣᠯᠤᠰᠢ ᠦᠭᠡᠢ᠂ ᠤᠳᠬ᠎ᠠ ᠤᠷᠠᠯᠢᠭ ᠤᠨ ᠠᠵᠢᠯᠲᠠᠳ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠤᠨ᠎ᠠ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠡᠶᠢᠮᠦᠷᠬᠦᠤ ᠦᠨᠳᠦᠷᠴᠡ ᠠᠴᠠ ᠤᠳᠬ᠎ᠠ ᠤᠷᠠᠯᠢᠭ ᠤᠨ ᠪᠠᠶᠢᠷᠢ ᠰᠠᠭᠤᠷᠢ ᠪᠠ ᠦᠢᠯᠡᠳᠦᠯ ᠢ ᠲᠠᠨᠢᠵᠤ᠂ ᠥᠪᠡᠷ ᠤᠨ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠪᠠ ᠬᠠᠷᠢᠭᠤᠴᠠᠯᠭ᠎ᠠ ᠪᠠᠨ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠴᠠᠭ ᠦᠶ᠎ᠡ ᠳᠤ ᠦᠯᠦ ᠣᠰᠣᠯᠳᠠᠬᠤ ᠨᠡᠩ ᠤᠯᠠᠨ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠤᠮᠳᠠᠳᠤ ᠤᠯᠤᠰ ᠤᠨ ᠬᠦᠴᠦᠨ ᠴᠢᠳᠠᠯ ᠢ ᠨᠢᠭᠲᠠᠷᠠᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠴᠤᠭ ᠪᠠᠳᠠᠷᠠᠩᠭᠤᠢ ᠪᠠᠷ ᠢᠷᠡᠭᠡᠳᠦᠢ ᠲᠡᠶᠢᠰᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃   ᠶᠠᠷᠢᠶ᠎ᠠ ᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠳᠤᠮᠳᠠᠳᠤ ᠶᠢᠨ ᠰᠣᠶᠣᠯ ᠢ ᠴᠡᠴᠡᠭᠯᠡᠭᠦᠯᠦᠨ ᠬᠦᠭᠵᠢᠭᠦᠯᠬᠦ ᠴᠢᠬᠤᠯᠠᠲᠠᠢ᠃ ᠤᠳᠬ᠎ᠠ ᠤᠷᠠᠯᠢᠭ ᠪᠣᠯᠤᠨ ᠤᠳᠬ᠎ᠠ ᠤᠷᠠᠯᠢᠭ ᠤᠨ ᠠᠵᠢᠯᠲᠠᠳ ᠤᠨ ᠴᠢᠬᠤᠯᠠ ᠦᠢᠯᠡᠳᠦᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠭᠦᠢᠴᠡᠳ ᠪᠠᠳᠠᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠬᠦᠴᠦᠷᠬᠡᠭ ᠶᠡᠭᠡ ᠰᠣᠶᠣᠯ ᠤᠨ ᠪᠦᠲᠦᠭᠡᠯᠴᠢ ᠴᠢᠳᠠᠪᠤᠷᠢ ᠲᠠᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ ᠭᠡᠷᠡᠴᠢᠯᠡᠵᠦ ᠪᠠᠶᠢᠨ᠎ᠠ᠃ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠪᠣᠯᠬᠤ ᠪᠦᠷᠢ᠂ ᠰᠣᠶᠣᠯ ᠨᠢ ᠪᠦᠷ ᠤᠯᠤᠰ ᠤᠨ ᠬᠤᠪᠢ ᠵᠠᠶᠠᠭᠠᠨ ᠤ ᠬᠤᠪᠢᠷᠠᠯᠲᠠ ᠶᠢ ᠮᠡᠳᠡᠷᠡᠵᠦ᠂ ᠴᠠᠭ ᠦᠶ᠎ᠡ ᠶᠢᠨ ᠤᠷᠤᠰᠬᠠᠯ ᠤᠨ ᠡᠮᠦᠨ᠎ᠡ ᠬᠤᠰᠢᠭᠤᠷᠠᠵᠤ᠂ ᠴᠠᠭ ᠦᠶ᠎ᠡ ᠶᠢᠨ ᠲᠡᠷᠢᠭᠦᠨ ᠤ ᠳᠠᠭᠤᠨ ᠢ ᠴᠤᠤᠷᠢᠶᠠᠲᠤᠭᠤᠯᠵᠤ᠂ ᠲᠦᠭ ᠲᠦᠮᠡᠨ ᠠᠷᠠᠳ ᠲᠦᠮᠡᠨ ᠤ ᠲᠥᠯᠥᠭᠡ᠂ ᠠᠭᠤᠤ ᠶᠡᠭᠡ ᠡᠬᠡ ᠤᠯᠤᠰ ᠤᠨ ᠢᠶᠠᠨ ᠲᠥᠯᠥᠭᠡ ᠵᠤᠷᠢᠭᠵᠢᠭᠤᠯᠤᠨ ᠤᠷᠢᠶᠠᠯᠠᠳᠠᠭ᠃ ᠤᠶᠤᠨ ᠰᠠᠨᠠᠭᠠᠨ ᠤ ᠲᠤᠭ ᠢ ᠮᠠᠨᠳᠤᠭᠤᠯᠵᠤ᠂ ᠤᠶᠤᠨ ᠰᠠᠨᠠᠭᠠᠨ ᠤ ᠲᠤᠯᠭᠠᠭᠤᠷᠢ ᠶᠢ ᠪᠤᠰᠬᠠᠵᠤ᠂ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠴᠥᠮ ᠤᠳᠬ᠎ᠠ ᠤᠷᠠᠯᠢᠭ ᠠᠴᠠ ᠰᠠᠯᠵᠤ ᠴᠢᠳᠠᠬᠤ ᠦᠭᠡᠢ ᠶᠤᠮ᠃ ᠮᠠᠨ ᠤ ᠤᠯᠤᠰ ᠤᠨ ᠵᠣᠬᠢᠶᠠᠯᠴᠢ ᠤᠷᠠᠯᠢᠭᠴᠢᠳ ᠴᠠᠭ ᠦᠶ᠎ᠡ ᠶᠢᠨ ᠬᠡᠪ ᠰᠤᠷᠲᠠᠯ ᠤᠨ ᠤᠷᠢᠳᠠᠪᠡᠷ ᠮᠡᠳᠡᠷᠡᠭᠴᠢ᠂ ᠤᠷᠢᠳᠠᠪᠡᠷ ᠬᠡᠷᠡᠭᠵᠢᠭᠦᠯᠦᠭᠴᠢ᠂ ᠤᠷᠢᠳᠠᠪᠠᠷ ᠰᠠᠨᠠᠭᠠᠴᠢᠯᠠᠭᠴᠢ ᠪᠤᠯᠵᠤ᠂ ᠨᠡᠩ ᠤᠯᠠᠨ ᠰᠢᠨᠳᠠᠰᠤ ᠰᠢᠷᠪᠥᠰᠥ ᠲᠠᠢ᠂ ᠶᠣᠰᠣ ᠮᠣᠷᠠᠯ ᠲᠠᠢ᠂ ᠬᠠᠶᠢᠷ᠎ᠠ ᠬᠠᠯᠠᠮᠵᠢ ᠲᠠᠢ ᠤᠳᠬ᠎ᠠ ᠤᠷᠠᠯᠢᠭ ᠤᠨ ᠪᠦᠲᠦᠭᠡᠯ ᠢᠶᠠᠷ ᠳᠠᠮᠵᠢᠭᠤᠯᠤᠨ ᠠᠷᠠᠳ ᠲᠦᠮᠡᠨ ᠤ ᠠᠭᠤᠤ ᠶᠡᠭᠡ ᠦᠢᠯᠡᠳᠦᠯᠭᠡ᠂ ᠴᠠᠭ ᠦᠶ᠎ᠡ ᠶᠢᠨ ᠲᠠᠪᠰᠢᠯᠳᠠ ᠶᠢᠨ ᠱᠠᠭᠠᠷᠳᠠᠯᠭ᠎ᠠ ᠶᠢ ᠪᠢᠴᠢᠭᠯᠡᠵᠦ ᠲᠡᠮᠳᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃   ᠶᠠᠷᠢᠶ᠎ᠠ ᠳᠤ᠂ ᠨᠢᠭᠡ ᠴᠠᠭ ᠦᠶ᠎ᠡ ᠶᠢᠨ ᠤᠳᠬ᠎ᠠ ᠤᠷᠠᠯᠢᠭ ᠤᠨ ᠠᠮᠵᠢᠯᠲᠠ ᠪᠦᠲᠦᠮᠵᠢ ᠶᠢ ᠬᠡᠮᠵᠢᠶᠡᠯᠡᠬᠦ ᠳᠤ ᠬᠠᠮᠤᠭ ᠤᠨ ᠡᠴᠦᠰ ᠲᠤ ᠵᠣᠬᠢᠶᠠᠯ ᠪᠦᠲᠦᠭᠡᠯ ᠢ ᠨᠢ ᠦᠵᠡᠬᠦ ᠬᠡᠷᠡᠭᠲᠡᠢ᠃ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠠᠬᠢᠭᠤᠯᠬᠤ ᠶᠢᠨ ᠬᠠᠮᠤᠭ ᠤᠨ ᠦᠨᠳᠦᠰᠦᠨ ᠵᠦᠢᠯ ᠪᠣᠯ ᠮᠠᠨ ᠤ ᠡᠨᠡ ᠬᠦ ᠠᠭᠤᠤ ᠶᠡᠭᠡ ᠦᠨᠳᠦᠰᠦᠲᠡᠨ᠂ ᠠᠭᠤᠤ ᠶᠡᠭᠡ ᠴᠠᠭ ᠦᠶ᠎ᠡ ᠳᠤ ᠦᠯᠦ ᠣᠰᠣᠯᠳᠠᠬᠤ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠠᠪᠤᠳᠠᠯ ᠪᠣᠯᠤᠨ᠎ᠠ᠃ ᠡᠷᠬᠡᠪᠰᠢ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠠᠪᠤᠳᠠᠯ ᠢ ᠤᠳᠬ᠎ᠠ ᠤᠷᠠᠯᠢᠭ ᠤᠨ ᠠᠵᠢᠯ ᠤᠨ ᠭᠤᠣᠯ ᠵᠠᠩᠭᠢᠯᠠᠭ᠎ᠠ ᠪᠣᠯᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠲᠠᠮᠵᠢᠭᠤᠯᠤᠭᠰᠠᠨ᠂ ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠳᠤᠮᠳᠠᠳᠤ ᠤᠯᠤᠰ ᠤᠨ ᠬᠥᠮᠦᠨ ᠤ ᠭᠤᠶᠤ ᠰᠠᠶᠢᠬᠠᠨ ᠤ ᠬᠥᠭᠡᠭᠡᠴᠡᠯᠳᠦᠯ ᠢ ᠳᠤᠰᠬᠠᠭᠰᠠᠨ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ ᠢ ᠣᠷᠭᠠᠨᠢᠭ ᠢᠶᠠᠷ ᠨᠢᠭᠡᠳᠭᠡᠭᠰᠡᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠶᠢ ᠡᠭᠦᠳᠬᠦ ᠪᠣᠯ ᠤᠳᠬ᠎ᠠ ᠤᠷᠠᠯᠢᠭ ᠤᠨ ᠠᠮᠢ ᠨᠠᠰᠤ ᠮᠥᠨ᠃ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠳᠬ᠎ᠠ ᠤᠷᠠᠯᠢᠭ ᠤᠨ ᠤᠤᠭᠠᠯ ᠡᠭᠦᠳᠦᠯᠲᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠬᠤ ᠳᠤ ᠡᠷᠬᠡᠪᠰᠢ ᠮᠣᠷᠠᠯ ᠤᠷᠠᠯᠢᠭ ᠬᠤᠣᠰᠯᠠᠭᠰᠠᠨ ᠤᠳᠬ᠎ᠠ ᠤᠷᠠᠯᠢᠭ ᠤᠨ ᠦᠯᠡᠮᠵᠢ ᠤᠯᠠᠨ ᠠᠯᠳᠠᠷᠲᠤ ᠬᠥᠮᠦᠰ ᠪᠠᠶᠢᠬᠤ ᠬᠡᠷᠡᠭᠲᠡᠢ᠃ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠨᠡᠩ ᠳᠤᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠨᠢᠭᠡ ᠪᠦᠯᠦᠭ ᠨᠥᠯᠥᠭᠡ ᠲᠠᠢ ᠡᠯ᠎ᠡ ᠬᠦᠷᠢᠶᠡᠨ ᠤ ᠤᠳᠬ᠎ᠠ ᠤᠷᠠᠯᠢᠭ ᠤᠨ ᠳᠠᠭᠠᠭᠤᠯᠤᠭᠴᠢ ᠬᠥᠮᠦᠰ ᠢ ᠴᠢᠷᠮᠠᠶᠢᠨ ᠬᠥᠮᠦᠵᠢᠭᠦᠯᠵᠦ᠂ ᠤᠳᠬ᠎ᠠ ᠤᠷᠠᠯᠢᠭ ᠤᠨ ᠴᠢᠳᠠᠪᠤᠷᠢᠲᠠᠨ ᠤ ᠠᠤᠭ᠎ᠠ ᠶᠡᠭᠡ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠶᠠᠷᠢᠶ᠎ᠠ ᠳᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠮᠥᠨ ᠴᠢᠨᠠᠷ ᠠᠴᠠ ᠨᠢ ᠠᠪᠴᠤ ᠬᠡᠯᠡᠪᠡᠯ ᠳᠠᠷᠤᠢ ᠠᠷᠠᠳ ᠲᠦᠮᠡᠨ ᠤ ᠤᠳᠬ᠎ᠠ ᠤᠷᠠᠯᠢᠭ ᠪᠣᠯᠤᠨ᠎ᠠ᠃ ᠤᠳᠬ᠎ᠠ ᠤᠷᠠᠯᠢᠭ ᠨᠢ ᠠᠷᠠᠳ ᠲᠦᠮᠡᠨ ᠤ ᠬᠦᠰᠡᠯ ᠰᠠᠨᠠᠭ᠎ᠠ ᠶᠢ ᠰᠠᠶᠢᠲᠤᠷ ᠲᠤᠰᠬᠠᠬᠤ ᠳᠤ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠡᠨᠡ ᠬᠦ ᠦᠨᠳᠦᠰᠦᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠡᠨᠡ ᠪᠣᠯ ᠨᠠᠮ ᠠᠴᠠ ᠤᠳᠬ᠎ᠠ ᠤᠷᠠᠯᠢᠭ ᠤᠨ ᠹᠷᠣᠨᠲ ᠲᠤ ᠳᠤᠷᠠᠳᠤᠭᠰᠠᠨ ᠨᠢᠭᠡᠨ ᠦᠨᠳᠦᠰᠦᠨ ᠱᠠᠭᠠᠷᠳᠠᠯᠭ᠎ᠠ ᠮᠥᠨ᠂ ᠮᠦᠨ ᠴᠤ ᠮᠠᠨ ᠤ ᠤᠯᠤᠰ ᠤᠨ ᠤᠳᠬ᠎ᠠ ᠤᠷᠠᠯᠢᠭ ᠤᠨ ᠦᠢᠯᠡᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠮᠥᠨ᠃ ᠨᠢᠭᠡᠳᠦᠭᠡᠷ ᠲᠤ᠂ ᠠᠷᠠᠳ ᠲᠦᠮᠡᠨ ᠤᠳᠬ᠎ᠠ ᠤᠷᠠᠯᠢᠭ ᠢ ᠬᠡᠷᠡᠭᠰᠡᠨ᠎ᠡ᠃ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠡᠷᠬᠡᠪᠰᠢ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮ ᠤᠨ ᠤᠶᠤᠨ ᠤ ᠪᠠ ᠰᠣᠶᠣᠯ ᠤᠨ ᠡᠳ᠋ ᠪᠠᠶᠠᠯᠢᠭ ᠢ ᠨᠡᠮᠡᠭᠳᠡᠭᠦᠯᠬᠦ ᠬᠡᠷᠡᠭᠲᠡᠢ᠃ ᠬᠤᠶᠠᠳᠤᠭᠠᠷ ᠲᠤ᠂ ᠤᠳᠬ᠎ᠠ ᠤᠷᠠᠯᠢᠭ ᠠᠷᠠᠳ ᠲᠦᠮᠡᠨ ᠢ ᠬᠡᠷᠡᠭᠰᠡᠨ᠎ᠡ᠃ ᠰᠢᠯᠢᠳᠡᠭ ᠪᠦᠲᠦᠭᠡᠯ ᠭᠠᠷᠭᠠᠵᠤ ᠴᠢᠳᠠᠬᠤ ᠡᠰᠡᠬᠦ ᠶᠢᠨ ᠬᠠᠮᠤᠭ ᠤᠨ ᠦᠨᠳᠦᠰᠦᠨ ᠵᠦᠢᠯ ᠨᠢ ᠠᠷᠠᠳ ᠲᠦᠮᠡᠨ ᠤ ᠲᠥᠯᠥᠭᠡ ᠤᠶᠠᠩᠭᠠᠯᠠᠨ ᠪᠢᠴᠢᠵᠦ᠂ ᠠᠷᠠᠳ ᠲᠦᠮᠡᠨ ᠤ ᠬᠠᠶᠢᠷ᠎ᠠ ᠰᠡᠳᠭᠢᠯᠭᠡ ᠶᠢ ᠤᠶᠠᠩᠭᠠᠯᠠᠨ ᠢᠯᠡᠳᠭᠡᠵᠦ ᠴᠢᠳᠠᠬᠤ ᠡᠰᠡᠬᠦ ᠪᠠᠷ ᠲᠤᠭᠲᠠᠭᠠᠭᠳᠠᠨ᠎ᠠ᠃ ᠭᠤᠷᠪᠠᠳᠤᠭᠠᠷ ᠲᠤ᠂ ᠤᠳᠬ᠎ᠠ ᠤᠷᠠᠯᠢᠭ ᠨᠢ ᠠᠷᠠᠳ ᠲᠦᠮᠡᠨ ᠢ ᠬᠠᠶᠢᠷᠠᠯᠠᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠷᠭ᠎ᠠ ᠵᠠᠭᠤ ᠮᠢᠩᠭᠠᠨ ᠵᠤᠷᠪᠤᠰ ᠪᠠᠶᠢᠳᠠᠭ ᠪᠣᠯᠪᠠᠴᠤ ᠬᠠᠮᠤᠭ ᠤᠨ ᠦᠨᠳᠦᠰᠦᠨ᠂ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠨᠠᠶᠢᠳᠠᠪᠤᠷᠢᠲᠠᠢ ᠠᠷᠭ᠎ᠠ ᠪᠣᠯ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠮᠢᠳᠤᠷᠠᠯ ᠳᠤ ᠦᠨᠳᠦᠰᠦᠯᠡᠬᠦ ᠶᠠᠪᠤᠳᠠᠯ ᠪᠣᠯᠤᠨ᠎ᠠ᠃ ᠨᠢᠭᠡᠨ ᠰᠡᠶᠢᠠ ᠪᠦᠲᠦᠭᠡᠯ ᠨᠢ ᠠᠷᠠᠳ ᠲᠦᠮᠡᠨ ᠤ ᠦᠨᠡᠯᠡᠯᠲᠡ᠂ ᠲᠤᠰᠬᠠᠢ ᠮᠡᠷᠭᠡᠵᠢᠯᠲᠡᠨ ᠤ ᠦᠨᠡᠯᠡᠯᠲᠡ᠂ ᠵᠠᠬ᠎ᠠ ᠳᠡᠯᠭᠡᠭᠦᠷ ᠤᠨ ᠰᠢᠯᠭᠠᠯᠲᠠ ᠶᠢ ᠳᠠᠭᠠᠭᠠᠵᠤ ᠴᠢᠳᠠᠬᠤ ᠪᠦᠲᠦᠭᠡᠯ ᠪᠠᠶᠢᠬᠤ ᠶᠣᠰᠣᠲᠠᠢ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠣᠰᠣᠲᠠᠢ᠂ ᠡᠭᠦᠨ ᠤ ᠬᠠᠮᠲᠤ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠨᠢᠭᠡᠳᠭᠡᠭᠰᠡᠨ ᠪᠦᠲᠦᠭᠡᠯ ᠪᠠᠶᠢᠬᠤ ᠶᠣᠰᠣᠲᠠᠢ᠃ ᠤᠳᠬ᠎ᠠ ᠤᠷᠠᠯᠢᠭ ᠨᠢ ᠵᠠᠬ᠎ᠠ ᠳᠡᠯᠭᠡᠭᠦᠷ ᠤᠨ ᠪᠤᠭᠤᠯ ᠪᠣᠯᠵᠤ ᠪᠣᠯᠬᠤ ᠦᠭᠡᠢ᠂ ᠵᠤᠭᠤᠰᠤᠨ ᠨᠦᠬᠡᠨ ᠳᠤ ᠰᠢᠷᠭᠤᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃   ᠶᠠᠷᠢᠶ᠎ᠠ ᠳᠤ᠂ ᠳᠤᠮᠳᠠᠳᠤ ᠤᠯᠤᠰ ᠤᠨ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠰᠦᠭ ᠰᠦᠨᠡᠰᠦ ᠮᠥᠨ᠃ ᠴᠠᠭ ᠦᠶ᠎ᠡ ᠪᠦᠷᠢ ᠴᠠᠭ ᠦᠶ᠎ᠡ ᠶᠢᠨ ᠵᠣᠷᠢᠭ ᠰᠠᠨᠠᠭ᠎ᠠ ᠲᠠᠢ ᠶᠤᠮ᠃ ᠤᠳᠬ᠎ᠠ ᠤᠷᠠᠯᠢᠭ ᠪᠣᠯ ᠰᠦᠭ ᠰᠦᠨᠡᠰᠦ ᠶᠢ ᠱᠤᠭᠤᠬᠤ ᠢᠨᠵᠧᠨᠧᠷᠢᠩ ᠮᠥᠨ᠂ ᠤᠳᠬ᠎ᠠ ᠤᠷᠠᠯᠢᠭ ᠤᠨ ᠠᠵᠢᠯᠳᠠᠨ ᠪᠣᠯ ᠤᠶᠤᠨ ᠰᠠᠨᠠᠭᠠᠨ ᠤ ᠢᠨᠵᠧᠨᠧᠷ ᠮᠥᠨ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠳ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠭᠦᠢᠴᠡᠳ ᠲᠠᠨᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠠᠮᠢᠳᠤ ᠴᠣᠪᠣᠭᠤᠯᠢᠭ᠂ ᠦᠨᠡᠨ ᠪᠣᠳᠠᠲᠠᠢ ᠪᠠᠷ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤᠮᠳᠠ ᠢᠯᠡᠷᠡᠭᠦᠯᠬᠦ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠭᠤᠣᠯ ᠬᠦᠭ ᠠᠶᠠᠰ ᠪᠣᠯᠭᠠᠵᠤ᠂ ᠠᠷᠠᠳ ᠲᠦᠮᠡᠨ ᠵᠥᠪ ᠲᠡᠦᠬᠡ ᠶᠢᠨ ᠦᠵᠡᠯᠲᠡ ᠂ ᠦᠨᠳᠦᠰᠦᠲᠡᠨ ᠤ ᠦᠵᠡᠯᠲᠡ᠂ ᠤᠯᠤᠰ ᠣᠷᠣᠨ ᠤ ᠦᠵᠡᠯᠲᠡ᠂ ᠰᠣᠶᠣᠯ ᠤᠨ ᠦᠵᠡᠯᠲᠡ ᠶᠢ ᠪᠤᠢ ᠪᠣᠯᠭᠠᠨ ᠪᠠᠷᠢᠮᠲᠠᠯᠠᠬᠤ ᠶᠢ ᠬᠦᠳᠦᠯᠦᠨ ᠵᠢᠯᠣᠭᠤᠳᠴᠤ᠂ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ ᠪᠠ ᠤᠮᠤᠭ ᠢᠳᠡᠭᠡᠯ ᠢ ᠨᠢ ᠨᠡᠮᠡᠭᠳᠡᠭᠦᠯᠬᠦ ᠬᠡᠷᠡᠭᠲᠡᠢ᠃ ᠤᠳᠬ᠎ᠠ ᠤᠷᠠᠯᠢᠭ ᠤᠨ ᠪᠦᠲᠦᠭᠡᠯ ᠢᠶᠠᠷ ᠴᠢᠭᠡᠴᠢ ᠦᠨᠡᠨᠴᠢ ᠰᠠᠶᠢᠨ ᠰᠠᠶᠢᠬᠠᠨ ᠢ ᠳᠠᠮᠵᠢᠭᠤᠯᠵᠤ᠂ ᠡᠶᠡᠯᠰᠡᠭ ᠴᠠᠶᠢᠯᠭᠠᠨ ᠦᠷᠳᠡᠭ ᠤᠨ ᠦᠵᠡᠯᠲᠡ ᠶᠢ ᠳᠠᠮᠵᠢᠭᠤᠯᠵᠤ᠂ ᠬᠥᠮᠦᠰ ᠢ ᠬᠦᠳᠤᠯᠤᠨ ᠵᠢᠯᠣᠭᠤᠳᠴᠤ ᠶᠣᠰᠣ ᠰᠤᠷᠲᠠᠬᠤᠨ ᠢ ᠡᠷᠬᠢᠮᠯᠡᠬᠦ᠂ ᠶᠣᠰᠣ ᠰᠤᠷᠲᠠᠬᠤᠨ ᠢ ᠬᠦᠨᠳᠦᠳᠭᠡᠬᠦ᠂ ᠶᠣᠰᠣ ᠰᠤᠷᠲᠠᠬᠤᠨ ᠢ ᠰᠠᠬᠢᠬᠤ ᠠᠮᠢᠳᠤᠷᠠᠯ ᠢ ᠬᠦᠰᠡᠨ ᠬᠥᠭᠡᠭᠡᠴᠡᠯᠳᠦᠬᠦ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠥᠬᠦᠴᠡᠯ ᠲᠠᠢ ᠤᠶᠠᠯᠳᠤᠭᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠭᠤᠶᠤ ᠰᠠᠶᠢᠬᠠᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃    ᠶᠠᠷᠢᠶ᠎ᠠ ᠳᠤ᠂ ᠤᠳᠬ᠎ᠠ ᠤᠷᠠᠯᠢᠭ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠬᠤᠶᠠᠷ ᠵᠦᠢᠯ ᠢ ᠡᠵᠡᠮᠰᠢᠬᠦ ᠬᠡᠷᠡᠭᠲᠡᠢ᠄ ᠨᠢᠭᠡ ᠳᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠳ ᠲᠤ ᠴᠢᠩᠭ᠎ᠠ ᠲᠦᠰᠢᠭᠯᠡᠬᠦ ᠬᠡᠷᠡᠭᠲᠡᠢ᠂ ᠬᠤᠶᠠᠷ ᠲᠤ ᠤᠳᠬ᠎ᠠ ᠤᠷᠠᠯᠢᠭ ᠤᠨ ᠵᠢᠮ᠎ᠡ ᠶᠣᠰᠣ ᠶᠢ ᠬᠦᠨᠳᠦᠳᠭᠡᠨ ᠵᠢᠷᠤᠮᠯᠠᠬᠤ ᠬᠡᠷᠡᠭᠲᠡᠢ᠃ ᠤᠳᠬ᠎ᠠ ᠤᠷᠠᠯᠢᠭ ᠤᠨ ᠰᠢᠭᠦᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠨᠡᠨ ᠬᠦ ᠴᠢᠩᠭᠠᠳᠬᠠᠵᠤ᠂ ᠲᠡᠦᠬᠡ ᠶᠢᠨ᠂ ᠠᠷᠠᠳ ᠲᠦᠮᠡᠨ ᠤ᠂ ᠤᠷᠠᠯᠢᠭ ᠤᠨ᠂ ᠭᠤᠶᠤ ᠰᠠᠶᠢᠬᠠᠨ ᠤ ᠦᠵᠡᠯᠲᠡ ᠪᠠᠷ ᠵᠤᠬᠢᠶᠠᠯ ᠪᠦᠲᠦᠭᠡᠯ ᠢ ᠦᠨᠡᠯᠡᠨ ᠮᠠᠭᠠᠳᠯᠠᠬᠤ ᠪᠠ ᠰᠣᠨᠢᠷᠬᠠᠵᠤ᠂ ᠦᠨᠡᠨ ᠦᠭᠡ ᠬᠡᠯᠡᠵᠦ᠂ ᠶᠣᠰᠣ ᠶᠠᠷᠢᠬᠤ ᠶᠢ ᠰᠠᠨᠠᠭᠠᠴᠢᠯᠠᠨ᠂ ᠤᠳᠬ᠎ᠠ ᠤᠷᠠᠯᠢᠭ ᠤᠨ ᠰᠢᠭᠦᠮᠵᠢᠯᠡᠯ ᠢ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号