ᠰᠢ ᠶᠢᠨ ᠫᠢᠩ ᠪᠥᠬᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠣᠨᠣᠯ ᠤᠨ ᠰᠢᠰᠲ᠋ᠧᠮ ᠢ ᠪᠠᠶᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2024/10/16
    ᠪᠥᠬᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ 10 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠪᠡ᠃ ᠲᠡᠷᠡ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠥᠭᠵᠢᠯᠲᠡ ᠳᠤ ᠴᠢᠬᠤᠯᠠ ᠤᠳᠤᠷᠢᠳᠤᠮᠵᠢ ᠶᠢᠨ ᠦᠢᠯᠡᠳᠦᠯ ᠲᠠᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠡᠯᠡᠬᠡᠢ ᠵᠢᠷᠳᠢᠨᠴᠤ ᠶᠢᠨ ᠵᠠᠭᠤᠨ ᠵᠢᠯ ᠳᠤ ᠳᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠴᠡᠷᠢᠭ ᠤᠨ ᠶᠠᠪᠤᠳᠠᠯ ᠤᠨ ᠰᠢᠨ᠎ᠡ ᠬᠤᠪᠢᠰᠬᠠᠯ ᠦᠳᠲᠡᠷ ᠲᠦᠷᠭᠡᠨ ᠬᠥᠭᠵᠢᠵᠦ᠂ ᠮᠠᠨ ᠤ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠬᠡᠷᠡᠭᠴᠡᠭᠡ ᠭᠦᠨᠵᠡᠭᠡᠢ ᠬᠤᠪᠢᠷᠠᠵᠤ᠂ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠡᠭᠦᠷᠭᠡ ᠨᠡᠩ ᠲᠤᠯᠭᠠᠮ ᠪᠤᠯᠵᠤ ᠪᠠᠶᠢᠨ᠎ᠠ᠂ ᠡᠷᠬᠡᠪᠰᠢ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠠᠷᠠᠳ ᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠴᠡᠷᠢᠭ ᠤᠨ ᠶᠠᠪᠤᠳᠠᠯ ᠤᠨ ᠰᠣᠶᠣᠯ ᠤᠨ ᠣᠬᠢ ᠰᠣᠳᠣ ᠶᠢ ᠰᠢᠩᠭᠡᠭᠡᠨ ᠠᠪᠴᠤ᠂ ᠳᠠᠶᠢᠨ ᠤ ᠲᠠᠯᠠᠪᠤᠷ ᠲᠤ ᠬᠠᠨᠳᠤᠭᠤᠯᠬᠤ᠂ ᠴᠡᠷᠢᠭ ᠡᠩᠭᠢ ᠳᠤ ᠬᠠᠨᠳᠤᠭᠤᠯᠬᠤ᠂ ᠢᠷᠡᠭᠡᠳᠦᠶ ᠳᠤ ᠬᠠᠨᠳᠤᠭᠤᠯᠬᠤ ᠢᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠤᠯᠳᠠ᠂ ᠳᠠᠶᠢᠨ ᠤ ᠬᠤᠪᠢᠰᠤᠯᠳᠠ᠂ ᠡᠰᠡᠷᠭᠦ ᠡᠲᠡᠭᠡᠳ ᠤᠨ ᠬᠤᠪᠢᠷᠠᠯᠲᠠ ᠶᠢ ᠴᠢᠩᠭ᠎ᠠ ᠠᠩᠬᠠᠷᠴᠤ᠂ ᠰᠢᠨ᠎ᠡ ᠲᠡᠦᠬᠡᠨ ᠨᠥᠬᠦᠴᠡᠯ ᠳᠤᠤᠷᠠᠬᠢ ᠳᠠᠶᠢᠨ ᠤ ᠪᠡᠯᠡᠳᠭᠡᠯ ᠤᠨ ᠴᠢᠬᠤᠯᠠ ᠶᠡᠭᠡ ᠠᠰᠠᠭᠤᠳᠠᠯ ᠤᠨ ᠰᠤᠳᠤᠯᠤᠯ ᠢ ᠴᠢᠩᠭ᠎ᠠ ᠠᠳᠬᠤᠵᠤ᠂ ᠴᠡᠷᠢᠭ ᠤᠨ ᠶᠠᠪᠤᠳᠠᠯ ᠤᠨ ᠤᠨᠤᠯ ᠤᠨ ᠰᠢᠨ᠎ᠡ ᠶᠢ ᠡᠭᠦᠳᠬᠦ ᠦᠵᠦ ᠲᠥᠯᠥᠪᠯᠡᠭᠡ ᠶᠢ ᠰᠢᠯᠢᠳᠡᠭᠵᠢᠭᠦᠯᠵᠦ᠂ ᠴᠡᠷᠢᠭ ᠤᠨ ᠶᠠᠪᠤᠳᠠᠯ ᠤᠨ ᠤᠨᠤᠯ ᠤᠨ ᠰᠤᠳᠤᠯᠭᠠᠨ ᠤ ᠵᠠᠭᠪᠤᠷ ᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠣᠨᠣᠯ ᠢ ᠤᠨᠳᠤᠤᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ᠂ ᠳᠡᠯᠡᠬᠡᠶ ᠶᠢᠨ ᠲᠡᠷᠢᠭᠦᠨ ᠤ ᠴᠡᠷᠢᠭ ᠠᠩᠭᠢ ᠶᠢ ᠲᠦᠷᠭᠡᠳᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠪᠠ ᠵᠢᠯᠤᠭᠤᠳᠤᠮᠵᠢ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠪᠠ᠃   ᠬᠤᠷᠠᠯ ᠠᠴᠠ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠵᠢᠦ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠳᠡᠯᠡᠬᠡᠶ ᠶᠢᠨ ᠲᠡᠷᠢᠭᠦᠨ ᠤ ᠴᠡᠷᠢᠭ ᠠᠩᠭᠢ ᠶᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠤᠨ ᠶᠠᠪᠤᠳᠠᠯ ᠤᠨ ᠣᠨᠣᠯ ᠤᠨ ᠣᠳᠣᠬᠢᠴᠢᠯᠠᠯᠲᠠ ᠶᠢ ᠲᠦᠷᠭᠡᠳᠭᠡᠬᠦ ᠡᠭᠦᠷᠭᠡ ᠶᠢ ᠭᠦᠨᠵᠡᠭᠡᠶ ᠡᠵᠡᠮᠰᠢᠬᠦ ᠭᠡᠷᠡᠭᠳᠠᠢ᠂ ᠰᠢᠨ᠎ᠡ ᠴᠠᠭ ᠦᠶ᠎ᠡ ᠶᠢᠨ ᠳᠠᠶᠢᠨ ᠪᠠ ᠪᠠᠶᠢᠯᠳᠤᠭᠠᠨ ᠬᠢᠬᠦ ᠣᠨᠣᠯ ᠢ ᠭᠦᠨᠵᠡᠭᠡᠶ ᠰᠤᠳᠤᠯᠬᠤ ᠳᠤ᠂ ᠭᠤᠣᠯᠳᠠᠯᠭ᠎ᠠ ᠨᠢ ᠤᠨᠤᠯ ᠤᠨ ᠠᠭᠤᠯᠭ᠎ᠠ ᠶᠢᠨ ᠰᠢᠰᠲ᠋ᠧᠮ ᠢ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠰᠤᠳᠤᠯᠭᠠᠨ ᠤ ᠬᠦᠴᠦᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠬᠦ᠂ ᠲᠥᠷᠥ ᠶᠢᠨ ᠪᠣᠳᠣᠯᠭ᠎ᠠ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠳᠤ ᠪᠤᠢ ᠭᠡᠵᠦ ᠱᠠᠭᠠᠷᠳᠠᠪᠠ᠃   ᠬᠤᠷᠠᠯ ᠠᠴᠠ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ ᠶᠢ ᠲᠦᠷᠭᠡᠳᠭᠡᠬᠦ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠶᠠᠷᠢᠯᠴᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠳᠣᠷᠬᠠᠶᠢᠯᠠᠵᠤ᠂ 6 ᠨᠢᠭᠡᠴᠢ ᠶᠢᠨ ᠬᠢᠨ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃   ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠭᠡᠯᠳᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠪᠠᠶᠢᠯᠳᠤᠭᠠᠨ ᠤ ᠵᠢᠯᠣᠭᠤᠳᠬᠤ ᠲᠥᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号