ᠯᠢ ᠴᠢᠶᠠᠩ ᠣᠷᠣᠰ ᠤᠨ ᠶᠡᠷᠦᠩᠬᠡᠢ ᠰᠠᠶᠢᠳ ᠮᠢᠱᠦ᠋ᠰᠵᠶᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/16
   ᠰᠢᠨᠬᠤᠸᠠ ᠬᠤᠷᠢᠶᠠᠨ ᠤ ᠢᠰᠯᠠᠯᠪᠠᠳ ᠤᠨ 10 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 16 ᠤ ᠡᠳᠦᠷ᠂ ᠳᠦᠷᠪ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠢᠰᠯᠠᠯᠪᠠᠳ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠵᠠᠰᠠᠭ ᠤᠨ ᠣᠷᠳᠣᠨ ᠤ ᠲᠡᠷᠢᠭᠦᠨ ᠤ ᠶᠡᠷᠦᠩᠬᠡᠢ ᠰᠠᠶᠢᠳ ᠨᠠᠷ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠵᠤ᠂ ᠣᠷᠣᠰ ᠤᠨ ᠶᠡᠷᠦᠩᠬᠡᠢ ᠰᠠᠶᠢᠳ ᠮᠢᠱᠦ᠋ᠰᠵᠶᠩ ᠲᠠᠢ ᠠᠭᠤᠯᠵᠠᠪᠠ᠃    ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠪᠣᠯᠤᠨ ᠶᠡᠷᠦᠩᠬᠡᠶᠢᠯᠡᠭᠴᠢ ᠫᠦᠲ᠋ᠢᠨ ᠤ ᠪᠠᠶᠢᠯᠳᠤᠬᠤ ᠪᠣᠳᠣᠯᠭ᠎ᠠ ᠶᠢᠨ ᠲᠠᠭᠠᠭᠤᠯᠭ᠎ᠠ ᠳᠣᠣᠷ᠎ᠠ᠂ ᠳᠤᠮᠳᠠᠳᠤ ᠣᠷᠣᠰ ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠥᠨᠳᠥᠷ ᠲᠦᠪᠰᠢᠨ ᠢᠶᠠᠷ ᠬᠥᠭᠵᠢᠪᠡ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠠᠮᠵᠢᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠠᠬᠢᠵᠤ᠂ ᠰᠣᠶᠣᠯ ᠢᠷᠭᠡᠨᠰᠢᠯ ᠪᠣᠯᠤᠨ ᠣᠷᠣᠨ ᠨᠤᠲᠤᠭ ᠤᠨ ᠰᠣᠯᠢᠯᠴᠠᠭ᠎ᠠ ᠥᠷᠨᠢᠩᠭᠦᠢ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠳᠤᠮᠳᠠᠳᠤ ᠣᠷᠣᠰ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠶᠢᠨ ᠲᠡᠦᠬᠡᠨ ᠵᠠᠩᠭᠢᠯᠠᠭ᠎ᠠ ᠶᠢᠨ ᠴᠡᠭ ᠲᠤ᠂ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠬᠠᠮᠲᠤ ᠪᠠᠷ᠂ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠲᠤᠰ ᠲᠤᠰ ᠤᠨ ᠬᠥᠭᠵᠢᠨ ᠮᠠᠨᠳᠤᠬᠤ ᠶᠢ ᠪᠡᠶᠡᠯᠡᠭᠦᠯᠬᠦ᠂ ᠳᠡᠯᠡᠬᠡᠢ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠠᠵᠤ ᠠᠬᠤᠢ ᠠᠷᠠᠯᠵᠢᠶ᠎ᠠ᠂ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠭᠠᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠣᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠪᠠᠷ ᠢᠶᠠᠨ ᠨᠢᠭᠲᠠ ᠣᠯᠤᠯᠴᠠᠭ᠎ᠠ ᠬᠠᠮᠵᠢᠯᠴᠠᠭ᠎ᠠ ᠬᠢᠬᠦ ᠶᠢ ᠠᠬᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠨᠡᠩ ᠪᠦᠯᠬᠦᠮᠳᠡᠨ ᠤᠷᠤᠭᠰᠢᠯᠠᠵᠤ᠂ ᠠᠷᠠᠯᠵᠢᠶ᠎ᠠ᠂ ᠡᠨᠧᠷᠭᠢ᠂ ᠲᠣᠭᠠᠴᠢᠯᠠᠭᠰᠠᠨ ᠠᠵᠤ ᠠᠬᠤᠢ ᠪᠣᠯᠤᠨ ᠪᠣᠬᠢᠷᠲᠤᠯ ᠦᠭᠡᠢ ᠠᠵᠤ ᠦᠢᠯᠡᠰ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠨᠡᠩ ᠠᠮᠢᠵᠢᠷᠠᠯ ᠤᠨ ᠬᠦᠴᠦᠨ ᠲᠠᠢ᠂ ᠬᠠᠮᠲᠤᠷᠠᠯᠴᠠᠭ᠎ᠠ ᠨᠡᠩ ᠪᠣᠳᠠᠲᠠᠢ ᠶᠢ ᠡᠷᠬᠢᠮᠯᠡᠭᠰᠡᠨ᠂ ᠦᠷ᠎ᠡ ᠪᠦᠲᠦᠭᠡᠯ ᠨᠡᠩ ᠲᠦᠭᠡᠮᠡᠯ ᠠᠰᠢᠭ ᠬᠦᠷᠲᠡᠬᠦ ᠶᠢ ᠠᠬᠢᠭᠤᠯᠤᠶ᠎ᠠ᠃    ᠮᠢᠱᠦ᠋ᠰᠵᠶᠩ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠣᠯᠤᠨ᠎ᠠ᠂ ᠮᠥᠨᠴᠦ ᠣᠷᠣᠰ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠪᠣᠯᠤᠨ᠎ᠠ᠂ ᠣᠷᠣᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠲᠦᠪᠰᠢᠨ ᠳᠤ ᠣᠷᠣᠰᠢᠵᠤ ᠪᠠᠶᠢᠨ᠎ᠠ᠃ ᠣᠳᠣᠬᠠᠨ ᠤ ᠳᠡᠯᠡᠬᠡᠢ ᠶᠢᠨ ᠪᠠᠶᠢᠳᠠᠯ ᠳᠣᠣᠷ᠎ᠠ᠂ ᠣᠷᠣᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠠᠮᠠᠭᠠᠯᠠᠬᠤ ᠶᠢ ᠬᠠᠷᠢᠯᠴᠠᠨ ᠳᠡᠮᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠵᠠᠮ ᠲᠡᠭᠡᠭᠡᠪᠦᠷᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠣᠷᠣᠰ ᠳᠤᠮᠳᠠᠳᠤ ᠶᠢᠨ ᠰᠣᠶᠣᠯ ᠤᠨ ᠣᠨ︾ ᠢ ᠬᠠᠮᠲᠤ ᠪᠠᠷ ᠰᠠᠶᠢᠲᠤᠷ ᠡᠷᠬᠢᠯᠡᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠲᠠᠨ ᠲᠣᠭᠤᠰᠬ᠎ᠠ ᠤᠯᠤᠰ ᠤᠳ ᠤᠨ ᠪᠣᠷᠣ ᠲᠥᠯᠥᠪ ᠤᠨ ᠳᠣᠲᠣᠷ᠎ᠠ ᠣᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠦᠷᠭᠦᠯᠵᠢᠯᠡᠨ ᠭᠦᠨᠵᠡᠭᠡᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号