ᠯᠢ ᠴᠢᠶᠠᠩ ᠶᠡᠷᠦᠩᠬᠡᠢ ᠰᠠᠶᠢᠳ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠶᠡᠷᠦᠩᠬᠡᠢ ᠰᠠᠶᠢᠳ ᠤᠨ ᠠᠭᠤᠯᠵᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2024/10/16
    ᠰᠢᠨᠬᠤᠸᠠ ᠬᠤᠷᠢᠶᠠᠨ ᠤ ᠢᠰᠯᠠᠮᠪᠠᠳ ᠤᠨ 10 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 16 ᠤ ᠡᠳᠦᠷ᠂ ᠳᠦᠷᠪ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠢᠰᠯᠠᠮᠪᠠᠳ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠤᠯᠤᠰ ᠤᠨ ᠵᠠᠰᠠᠭ ᠤᠨ ᠣᠷᠳᠣᠨ ᠤ ᠲᠡᠷᠢᠭᠦᠨ ᠤ ᠶᠡᠷᠦᠩᠬᠡᠢ ᠰᠠᠶᠢᠳ ᠨᠠᠷ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠬᠤᠷᠠᠯᠳᠤᠭᠠᠨ ᠤ ᠬᠤᠭᠤᠴᠠᠭᠠᠨ ᠳᠤ ᠣᠷᠣᠰ ᠤᠨ ᠶᠡᠷᠦᠩᠬᠡᠢ ᠰᠠᠶᠢᠳ ᠮᠢᠱᠦ᠋ᠰᠵᠶᠩ᠂ ᠮᠣᠩᠭᠤᠯ ᠤᠯᠤᠰ ᠤᠨ ᠶᠡᠷᠦᠩᠬᠡᠢ ᠰᠠᠶᠢᠳ ᠤᠶᠤᠨᠡᠷᠳᠡᠨᠢ ᠲᠠᠢ ᠬᠠᠮᠲᠤ ᠪᠠᠷ ᠳᠤᠮᠳᠠᠳᠤ ᠣᠷᠣᠰ ᠮᠣᠩᠭᠤᠯ ᠤᠯᠤᠰ ᠤᠨ ᠶᠡᠷᠦᠩᠬᠡᠢ ᠰᠠᠶᠢᠳ ᠤᠨ ᠬᠡᠯᠡᠯᠴᠡᠭᠡ ᠬᠢᠪᠡ᠃    ᠯᠢ ᠴᠢᠶᠠᠩ᠂ ᠣᠶᠢᠷ᠎ᠠ ᠶᠢᠨ ᠵᠢᠯ ᠤᠨ ᠲᠤᠷᠰᠢ᠂ ᠭᠤᠷᠪᠠᠨ ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠭᠤᠷᠪᠠᠨ ᠲᠠᠯ᠎ᠠ ᠶᠢᠨ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠳᠠᠭᠠᠪᠠ᠃ ᠳᠤᠮᠳᠠᠳᠤ ᠤᠯᠤᠰ ᠳᠤᠷᠠᠲᠠᠶ᠎ᠠ ᠣᠷᠣᠰ ᠮᠣᠩᠭᠤᠯ ᠬᠤᠶᠠᠷ ᠲᠠᠯ᠎ᠠ ᠶᠢᠨ ᠬᠢᠨ ᠲᠠᠢ ᠢᠲᠡᠭᠡᠯᠴᠡᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠭᠤᠷᠪᠠᠨ ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃    ᠯᠢ ᠴᠢᠶᠠᠩ ᠵᠢᠭᠠᠵᠤ ᠭᠠᠷᠭᠠᠭᠰᠠᠨ ᠨᠢ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠭᠠᠵᠠᠷ ᠵᠦᠢ ᠠᠴᠠ ᠬᠥᠷᠰᠢ ᠵᠡᠷᠭᠡᠯᠡᠳᠡᠭᠡ᠂ ᠬᠤᠪᠢ ᠵᠠᠶᠠᠭ᠎ᠠ ᠨᠢ ᠬᠠᠷᠢᠯᠴᠠᠨ ᠲᠦᠰᠢᠭᠯᠡᠯᠴᠡᠵᠦ᠂ ᠭᠤᠷᠪᠠᠨ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠬᠦ ᠨᠢ ᠥᠪᠡᠷᠮᠢᠴᠡ ᠭᠠᠵᠠᠷ ᠣᠷᠣᠨ ᠤ ᠳᠠᠪᠠᠭᠤᠯᠢᠭ᠂ ᠯᠠᠪᠳᠠᠭᠤᠨ ᠪᠠᠲᠤᠲᠠᠢ ᠠᠷᠠᠳ ᠤᠨ ᠰᠠᠨᠠᠭᠠᠨ ᠤ ᠰᠠᠭᠤᠷᠢ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠣᠷᠣᠰ ᠮᠣᠩᠭᠤᠯ ᠬᠤᠶᠠᠷ ᠤᠯᠤᠰ ᠲᠠᠢ ᠭᠤᠷᠪᠠᠨ ᠤᠯᠤᠰ ᠤᠨ ᠲᠡᠷᠢᠭᠦᠨ ᠤ ᠬᠠᠮᠲᠤ ᠶᠢᠨ ᠲᠠᠨᠢᠯᠲᠠ ᠪᠠᠷ ᠦᠨᠳᠦᠰᠦᠨ ᠵᠢᠷᠤᠮᠯᠠᠯ ᠪᠣᠯᠭᠠᠵᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠳᠤᠮᠳᠠ ᠬᠤᠭᠤᠴᠠᠭᠠᠨ ᠤ ᠵᠠᠮ ᠱᠤᠭᠤᠮ ᠤᠨ ᠵᠢᠷᠤᠭ ᠢ ᠬᠦᠴᠦᠯᠡᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠣᠯᠤᠯᠴᠠᠭ᠎ᠠ ᠵᠣᠬᠢᠴᠠᠭᠤᠯᠭ᠎ᠠ ᠶᠢ ᠭᠦᠨᠵᠡᠭᠡᠶᠢᠷᠡᠭᠦᠯᠵᠦ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠨᠡᠩ ᠭᠦᠨᠵᠡᠭᠡᠢ᠂ ᠨᠡᠩ ᠦᠷᠭᠦᠯᠵᠢᠯᠡᠬᠦ᠂ ᠨᠡᠩ ᠦᠷ᠎ᠡ ᠪᠦᠲᠦᠮᠵᠢᠲᠡᠢ ᠪᠣᠯᠬᠤ ᠶᠢ ᠠᠬᠢᠭᠤᠯᠵᠤ᠂ ᠬᠥᠷᠰᠢ ᠤᠯᠤᠰ ᠤᠨ ᠢᠶᠠᠨ ᠨᠥᠬᠦᠷᠰᠡᠭ ᠶᠠᠪᠤᠯᠴᠠᠭ᠎ᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠬᠡᠪ ᠳᠠᠭᠤᠷᠢᠶᠠᠯ ᠢ ᠪᠤᠢ ᠪᠣᠯᠭᠠᠨ᠎ᠠ᠃ ᠳᠤᠮᠳᠠᠳᠤ ᠤᠯᠤᠰ ᠳᠤᠷᠠᠲᠠᠶ᠎ᠠ ᠣᠷᠣᠰ ᠮᠣᠩᠭᠤᠯ ᠬᠤᠶᠠᠷ ᠲᠠᠯ᠎ᠠ ᠶᠢᠨ ᠬᠢᠨ ᠲᠠᠢ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠳᠣᠣᠷᠠᠬᠢ ᠭᠤᠣᠯᠳᠠᠯᠭ᠎ᠠ ᠲᠠᠢ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠲᠠᠪᠴᠠᠩ ᠤᠨ ᠣᠯᠠᠨ ᠲᠠᠯᠠᠲᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠷ ᠭᠦᠢᠴᠡᠳᠬᠡᠯ ᠢᠶᠠᠷ ᠢᠶᠠᠨ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ᠃    ᠮᠢᠱᠦ᠋ᠰᠵᠶᠩ ᠪᠣᠯᠤᠨ ᠤᠶᠤᠨᠡᠷᠳᠡᠨᠢ᠂ ᠭᠤᠷᠪᠠᠨ ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠳᠤᠮᠳᠠᠳᠤ ᠣᠷᠣᠰ ᠮᠣᠩᠭᠤᠯ ᠤᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠲᠣᠭᠲᠠᠭᠤᠨ ᠢᠶᠠᠷ ᠥᠷᠨᠢᠵᠦ᠂ ᠡᠯ᠎ᠡ ᠬᠦᠷᠢᠶᠡᠨ ᠤ ᠰᠣᠯᠢᠯᠴᠠᠭ᠎ᠠ ᠶᠠᠷᠢᠯᠴᠠᠭ᠎ᠠ ᠥᠷᠭᠡᠵᠢᠨ ᠭᠦᠨᠵᠡᠭᠡᠶᠢᠷᠡᠵᠦ᠂ ᠭᠤᠷᠪᠠᠨ ᠤᠯᠤᠰ ᠵᠢᠴᠢ ᠭᠠᠵᠠᠷ ᠣᠷᠣᠨ ᠤ ᠲᠣᠭᠲᠠᠭᠤᠨ ᠬᠥᠭᠵᠢᠯᠲᠡ ᠶᠢᠨ ᠬᠠᠮᠲᠤ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠥᠷᠭᠡᠨ ᠠᠭᠤᠳᠠᠮ ᠠᠯᠤᠰ ᠢᠷᠡᠭᠡᠳᠦᠢ ᠲᠠᠢ ᠶᠤᠮ᠃ ᠣᠷᠣᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠬᠠᠮᠲᠤᠷᠠᠯᠴᠠᠵᠤ᠂ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ᠂ ︽ᠲᠠᠯ᠎ᠠ ᠨᠤᠲᠤᠭ ᠤᠨ ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠳᠤᠮᠳᠠ ᠬᠤᠭᠤᠴᠠᠭᠠᠨ ᠤ ᠵᠠᠮ ᠱᠤᠭᠤᠮ ᠤᠨ ᠵᠢᠷᠤᠭ ᠲᠤ ᠲᠣᠳᠣᠷᠬᠠᠶᠢᠯᠠᠭᠰᠠᠨ ᠭᠤᠣᠯᠳᠠᠯᠭ᠎ᠠ ᠲᠠᠢ ᠴᠢᠭᠯᠡᠯ ᠶᠣᠰᠣᠭᠠᠷ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ ᠲᠦᠷᠭᠡᠳᠬᠡᠨ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠨᠡᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号