ᠪᠠᠶᠠᠨᠨᠠᠭᠤᠷ ᠰᠤᠮᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/17
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠰᠬᠠᠢ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠬᠦ ᠶᠢᠨ ᠲᠥᠯᠥᠭᠡ᠂ ᠡᠯ᠎ᠡ ᠭᠠᠴᠠᠭᠠᠨ ᠤ ᠣᠳᠣᠬᠠᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠪᠠᠶᠠᠨᠨᠠᠭᠤᠷ ᠰᠤᠮᠤ ᠶᠢᠨ ᠨᠠᠮ ᠤᠨ ᠬᠤᠷᠢ᠊ ᠡᠶ᠎ᠡ ᠶᠢᠨ ᠱᠦᠵᠢ ᠪᠦᠦ ᠶᠠᠨ ᠴᠦᠨ᠂ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠰᠤᠮᠤᠨ ᠳᠠᠷᠤᠭ᠎ᠠ ᠪᠦᠦ ᠴᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠳᠡᠳ᠋ ᠰᠤᠮᠤᠨ ᠳᠠᠷᠤᠭ᠎ᠠ ᠬᠠᠶᠢᠷᠬᠠᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠳ ᠢ ᠵᠣᠬᠢᠶᠠᠨ ᠪᠠᠶᠢᠭᠤᠯᠤᠨ ᠪᠠᠶᠢᠴᠠᠭᠠᠵᠤ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠪᠦᠬᠦ ᠰᠤᠮᠤ ᠶᠢᠨ 9 ᠭᠠᠴᠠᠭ᠎ᠠ ᠳᠤ ᠭᠦᠨᠵᠡᠭᠡᠶᠢᠷᠡᠨ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠵᠢᠯᠣᠭᠤᠳᠪᠠ᠃    ᠰᠤᠷᠪᠤᠯᠵᠢᠯᠠᠨ ᠶᠠᠷᠢᠯᠴᠠᠬᠤ ᠶᠢ ᠥᠷᠨᠢᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠪᠡ᠃ ᠬᠢᠨᠠᠨ ᠵᠢᠯᠣᠭᠤᠳᠬᠤ ᠳᠤᠭᠤᠶᠢᠯᠠᠩ ᠡᠭᠦᠷᠭᠡ ᠶᠢᠨ ᠨᠠᠷᠢᠨ ᠬᠠᠭᠤᠳᠠᠰᠤ ᠵᠢᠴᠢ ᠳᠡᠭᠡᠳᠦ ᠱᠠᠲᠤᠨ ᠤ ᠬᠢᠨᠠᠨ ᠰᠢᠯᠭᠠᠵᠤ ᠦᠨᠡᠯᠡᠨ ᠵᠢᠱᠢᠬᠦ ᠬᠠᠮᠢᠶ᠎ᠠ ᠪᠦᠬᠦᠢ ᠱᠠᠭᠠᠷᠳᠠᠯᠭ᠎ᠠ ᠲᠠᠢ ᠬᠠᠷᠢᠴᠠᠭᠤᠯᠤᠨ᠂ ᠭᠠᠴᠠᠭᠠᠨ ᠤ ᠦᠨᠳᠦᠰᠦᠨ ᠪᠠᠶᠢᠳᠠᠯ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠠᠵᠢᠯ ᠵᠡᠷᠭᠡ ᠶᠢᠨ ᠲᠤᠬᠠᠢ ᠰᠤᠷᠪᠤᠯᠵᠢᠯᠠᠨ ᠶᠠᠷᠢᠯᠴᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠣᠰᠬᠤᠨ ᠳᠤ ᠰᠠᠭᠤᠭ᠎ᠠ ᠺᠠᠳ᠋ᠷ ᠤᠨ ᠡᠩᠨᠡᠭᠡ᠂ ᠭᠠᠴᠠᠭᠠᠨ ᠤ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠭᠡᠷᠡᠭᠲᠡᠢ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠳ ᠮᠠᠲ᠋ᠧᠷᠢᠶᠠᠯ ᠤᠨ ᠨᠠᠷᠢᠨ ᠳᠠᠩᠰᠠ ᠲᠠᠢ ᠬᠠᠷᠭᠤᠭᠤᠯᠵᠤ᠂ ᠡᠯ᠎ᠡ ᠲᠣᠰᠬᠤᠨ ᠤ ᠳᠠᠩᠰᠠ ᠡᠪᠬᠡᠮᠡᠯ ᠤᠨ ᠮᠠᠲ᠋ᠧᠷᠢᠶᠠᠯ ᠢ ᠵᠢᠷᠤᠮᠵᠢᠯᠳᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠵᠡᠷᠭᠡ ᠲᠠᠯ᠎ᠠ ᠪᠠᠷ ᠪᠦᠬᠦ ᠲᠠᠯ᠎ᠠ ᠪᠠᠷ ᠨᠠᠷᠢᠨ ᠨᠢᠮᠪᠠᠢ ᠬᠠᠷᠭᠤᠭᠤᠯᠤᠨ ᠪᠠᠶᠢᠴᠠᠭᠠᠵᠤ᠂ ᠭᠠᠴᠠᠭᠠᠨ ᠤ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠪᠠᠬᠢᠵᠢᠭᠦᠯᠬᠦ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠬᠢᠪᠡ᠃ ᠭᠤᠣᠯᠳᠠᠯᠭ᠎ᠠ ᠲᠠᠢ ᠬᠥᠮᠦᠰ ᠤᠨ ᠡᠷᠦᠬᠡ ᠶᠢᠨ ᠳᠠᠩᠰᠠ ᠡᠪᠬᠡᠮᠡᠯ᠂ ᠬᠢᠨᠠᠨ ᠬᠡᠮᠵᠢᠬᠦ ᠡᠷᠦᠬᠡ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠬᠦ ᠬᠡᠮᠵᠢᠶ᠎ᠡ ᠶᠢ ᠨᠢᠭᠡᠳ ᠨᠢᠭᠡ ᠪᠠᠷ ᠪᠠᠶᠢᠴᠠᠭᠠᠨ ᠦᠵᠡᠵᠦ᠂ ᠡᠮᠬᠢᠯᠡᠭᠰᠡᠨ ᠨᠢ ᠲᠡᠭᠦᠯᠳᠡᠷ ᠪᠤᠰᠤ᠂ ᠪᠣᠳᠠᠲᠠᠶᠢᠵᠢᠭᠤᠯᠤᠭᠰᠠᠨ ᠦᠭᠡᠢ ᠮᠠᠲ᠋ᠧᠷᠢᠶᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠵᠢᠭᠠᠨ ᠵᠢᠯᠣᠭᠤᠳᠴᠤ ᠴᠡᠭᠴᠡᠯᠡᠨ ᠰᠠᠶᠢᠵᠢᠷᠠᠭᠤᠯᠵᠤ᠂ ᠡᠯ᠎ᠡ ᠲᠣᠰᠬᠤᠨ ᠢ ᠴᠠᠭ ᠲᠤᠬᠠᠢ ᠳᠤᠨᠢ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠨ ᠨᠥᠬᠦᠪᠥᠷᠢᠯᠡᠬᠦ ᠶᠢᠨ ᠬᠠᠮᠲᠤ ᠦᠷᠭᠦᠯᠵᠢᠯᠡᠨ ᠮᠥᠷᠳᠡᠨ ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠲ᠋ᠧᠷᠢᠶᠠᠯ ᠤᠨ ᠠᠪᠴᠠᠯᠳᠤᠬᠤ ᠴᠢᠨᠠᠷ ᠪᠠ ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠨ᠂ ᠭᠤᠣᠯᠳᠠᠯᠭ᠎ᠠ ᠲᠠᠢ ᠬᠥᠮᠦᠰ ᠤᠨ ᠦᠨᠳᠦᠰᠦᠨ ᠮᠡᠳᠡᠭᠡ ᠵᠠᠩᠭᠢ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠡᠷᠭᠡ ᠪᠣᠳᠠᠲᠠᠢ ᠪᠠᠶᠢᠳᠠᠯ ᠢ ᠨᠡᠩ ᠪᠦᠬᠦ ᠲᠠᠯ᠎ᠠ ᠪᠠᠷ ᠡᠵᠡᠮᠰᠢᠵᠦ᠂ ︽ᠨᠢᠭᠡ ᠶᠢ ᠠᠰᠠᠭᠤᠬᠤ᠂ ᠬᠤᠶᠠᠷ ᠢ ᠪᠠᠶᠢᠴᠠᠭᠠᠬᠤ᠂ ᠭᠤᠷᠪᠠ ᠶᠢ ᠰᠤᠷᠪᠤᠯᠵᠢᠯᠠᠬᠤ︾ ᠠᠷᠭ᠎ᠠ ᠬᠡᠯᠪᠡᠷᠢ ᠪᠠᠷ ᠲᠠᠷᠢᠶᠠᠴᠢᠨ ᠡᠷᠦᠬᠡ ᠲᠠᠢ ᠡᠪᠦᠳᠦᠭ ᠨᠤᠭᠤᠯᠤᠨ ᠶᠠᠷᠢᠯᠴᠠᠵᠤ᠂ ᠵᠣᠭᠤᠭ ᠳᠡᠯᠭᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ᠂ ᠭᠤᠣᠯᠳᠠᠯᠭ᠎ᠠ ᠲᠠᠢ ᠬᠥᠮᠦᠰ ᠵᠡᠷᠭᠡ ᠭᠤᠷᠪᠠᠨ ᠪᠠᠲᠤᠯᠠᠭ᠎ᠠ ᠵᠢᠴᠢ ᠣᠷᠣᠯᠭ᠎ᠠ ᠵᠠᠷᠤᠯᠭ᠎ᠠ ᠶᠢᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠲᠡᠳᠡᠨ ᠤ ᠦᠢᠯᠡᠳᠪᠦᠷᠢᠯᠡᠯ᠂ ᠠᠮᠢᠳᠤᠷᠠᠯ ᠤᠨ ᠪᠠᠶᠢᠳᠠᠯ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠨ᠎ᠠ᠃    ᠳᠣᠲᠣᠭᠠᠳᠤ ᠳᠠᠭᠠᠨ ᠬᠠᠷᠢᠯᠴᠠᠨ ᠰᠤᠷᠤᠯᠴᠠᠬᠤ᠂ ᠬᠠᠮᠲᠤᠪᠠᠷ ᠳᠡᠭᠡᠭᠰᠢᠯᠡᠬᠦ ᠬᠡᠯᠪᠡᠷᠢ ᠪᠠᠷ ᠳᠠᠮᠵᠢᠭᠤᠯᠤᠨ᠂ ᠪᠠᠶᠠᠨᠲᠠᠯ᠎ᠠ ᠭᠠᠴᠠᠭᠠᠨ ᠳᠤ ᠬᠦᠷᠴᠦ ᠲᠤᠬᠠᠢ ᠶᠢᠨ ᠭᠠᠵᠠᠷ ᠲᠤᠨᠢ ᠯᠠᠪᠯᠠᠯᠲᠠ ᠪᠣᠯᠭᠠᠨ ᠰᠤᠷᠤᠯᠴᠠᠵᠤ᠂ ᠡᠯ᠎ᠡ ᠭᠠᠴᠠᠭᠠᠨ ᠤ ᠬᠤᠭᠤᠷᠣᠨᠳᠣᠬᠢ ᠬᠠᠷᠢᠯᠴᠠᠨ ᠰᠤᠷᠤᠯᠴᠠᠵᠤ ᠰᠣᠯᠢᠯᠴᠠᠬᠤ ᠶᠢ ᠠᠬᠢᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠡᠭᠡᠭᠰᠢᠯᠡᠯᠲᠡ ᠶᠢ ᠠᠬᠢᠭᠤᠯᠪᠠ᠃    ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠤᠨ᠂ ᠡᠯ᠎ᠡ ᠭᠠᠴᠠᠭᠠᠨ ᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢ ᠰᠢᠪᠠᠳᠠᠵᠤ᠂ ᠪᠦᠬᠦ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠬᠢᠨᠠᠨ ᠰᠢᠯᠭᠠᠯᠲᠠ ᠶᠢ ᠤᠭᠲᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号