ᠰᠢᠨᠠᠵᠠᠮ ᠰᠤᠮᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/17
   10 ᠰᠠᠷ᠎ᠠ ᠶᠢᠨ 16 ᠤ ᠡᠳᠦᠷ᠂ ᠰᠢᠨᠵᠠᠮ ᠰᠤᠮᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠵᠢᠴᠢ ︽ᠬᠢᠩᠭᠠᠨ ᠠᠶᠢᠮᠠᠭ ᠤᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠢ ᠵᠠᠷᠯᠠᠯ︾ ᠢ ᠤᠯᠠᠮᠵᠢᠯᠠᠵᠤ᠂ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠳᠠᠬᠢᠨ ᠪᠠᠶᠢᠷᠢᠯᠠᠭᠤᠯᠵᠤ᠂ ᠲᠠᠬᠢᠨ ᠴᠢᠬᠤᠯᠠᠴᠢᠯᠠᠪᠠ᠃    ᠬᠤᠷᠠᠯ ᠠᠴᠠ᠂ ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠴᠢᠬᠤᠯᠠᠴᠢᠯᠠᠵᠤ᠂ ᠠᠵᠢᠯᠯᠠᠭ᠎ᠠ ᠶᠢᠨ ᠲᠠᠯ᠎ᠠ ᠪᠠᠷ ᠳᠠᠬᠢᠨ ᠲᠦᠷᠭᠡᠨ᠂ ᠪᠠᠷᠢᠮᠵᠢᠶ᠎ᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠮᠤ᠂ ᠭᠠᠴᠠᠭ᠎ᠠ ᠬᠤᠶᠠᠷ ᠱᠠᠲᠤᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠡᠷᠦᠬᠡ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠲᠠᠢ ᠤᠶᠠᠯᠳᠤᠭᠤᠯᠤᠨ᠂ ᠮᠠᠲ᠋ᠧᠷᠢᠶᠠᠯ ᠤᠨ ᠨᠠᠷᠢᠨ ᠳᠠᠩᠰᠠ ᠲᠠᠢ ᠬᠠᠷᠭᠤᠭᠤᠯᠵᠤ᠂ ᠡᠯ᠎ᠡ ᠵᠦᠢᠯ ᠤᠨ ᠭᠡᠷᠡᠴᠢᠯᠡᠬᠦ ᠮᠠᠲ᠋ᠧᠷᠢᠶᠠᠯ ᠢ ᠤᠯᠠᠮ ᠨᠢᠭᠡ ᠠᠯᠬᠤᠮ ᠴᠤᠭᠯᠠᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠮᠠᠲ᠋ᠧᠷᠢᠶᠠᠯ ᠪᠦᠷᠢᠨ ᠭᠦᠢᠴᠡᠳ᠂ ᠲᠤᠭ᠎ᠠ ᠪᠠᠷᠢᠮᠲᠠ ᠶᠢᠨ ᠠᠭᠤᠯᠭ᠎ᠠ ᠣᠨᠣᠪᠴᠢᠲᠠᠢ᠂ ᠯᠣᠭᠢᠭ ᠤᠨ ᠬᠠᠷᠢᠴᠠᠭ᠎ᠠ ᠨᠢᠭᠲᠠ ᠴᠢᠩᠭ᠎ᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠣᠷᠣᠯᠭ᠎ᠠ ᠶᠢ ᠲᠣᠭᠠᠴᠠᠭ᠎ᠠ ᠬᠢᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠴᠢᠩᠭ᠎ᠠ ᠠᠩᠬᠠᠷᠴᠤ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠠᠬᠢᠵᠢᠭᠦᠯᠦᠨ ᠥᠷᠭᠡᠳᠬᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠬᠤᠷᠰᠢᠭᠰᠠᠨ ᠡᠮᠨᠡᠯᠭᠡ ᠶᠢ ᠬᠤᠷᠢᠶᠠᠨ ᠠᠪᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号