ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ︽ᠲᠠᠪᠤ ᠶᠢ ᠲᠣᠬᠢᠷᠠᠭᠤᠯᠵᠤ ᠬᠠᠮᠲᠤᠷᠠᠨ ᠬᠥᠳᠡᠯᠦᠯᠴᠡᠬᠦ︾ ᠵᠥᠷᠢᠴᠡᠯ ᠵᠢᠭᠤᠷᠠᠯᠳᠤᠭᠠᠨ ᠢ ᠠᠷᠢᠯᠭᠠᠬᠤ | ᠲᠣᠭᠲᠠᠴᠠ ᠶᠢᠨ ᠰᠢᠨ᠎ᠡ ᠶᠢ ᠡᠭᠦᠳᠦᠨ ᠪᠠᠶᠢᠭᠤᠯᠵᠤ᠂ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ᠂ ᠦᠨᠳᠦᠰᠦᠨ ᠱᠠᠲᠤᠨ ᠤ ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ | ᠰᠠᠯᠪᠤᠷᠢ᠂ ᠰᠤᠮᠤ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠵᠡᠷᠭᠡ ᠡᠶᠡᠳᠡᠭᠦᠯᠬᠦ ᠡᠬᠢ ᠪᠠᠶᠠᠯᠢᠭ ᠲᠤ | ᠲᠦᠰᠢᠭᠯᠡᠨ᠂ ᠬᠠᠤᠯᠢᠴᠢ᠂ ᠠᠷᠠᠳ ᠤᠨ ᠰᠢᠭᠦᠬᠦ ᠬᠤᠷᠢ᠊ ᠡᠶ᠎ᠡ᠂ ᠠᠷᠠᠳ ᠤᠨ ᠪᠠᠶᠢᠴᠠᠭᠠᠬᠤ ᠬᠤᠷᠢ᠊ ᠡᠶ᠎ᠡ ᠵᠡᠷᠭᠡ ᠬᠠᠤᠯᠢ | ᠴᠠᠭᠠᠵᠠ ᠶᠢᠨ ᠡᠶᠡᠳᠡᠭᠦᠯᠬᠦ ᠬᠦᠴᠦᠨ ᠢ ᠬᠠᠮᠤᠷᠴᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠪᠠ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠥᠨᠳᠥᠷ ᠦᠷ᠎ᠡ ᠪᠦᠲᠦᠮᠵᠢᠲᠡᠢ ᠪᠣᠯᠬᠤ᠂ ᠣᠳᠣᠬᠢᠴᠢᠯᠠᠬᠤ ᠬᠠᠷᠠᠯᠲᠠ ᠶᠢ | ᠴᠢᠷᠮᠠᠶᠢᠨ ᠪᠡᠶᠡᠯᠡᠭᠦᠯᠪᠡ᠃ | ᠣᠶᠢᠷ᠎ᠠ ᠳᠤ᠂ ᠳᠥᠷᠥᠯᠵᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠠᠷᠠᠳ ᠤᠨ ᠬᠤᠭᠤᠷᠣᠨᠳᠣᠬᠢ | ᠵᠢᠭᠡᠯᠡᠯᠭᠡ ᠶᠢᠨ ᠵᠢᠭᠤᠷᠠᠯᠳᠤᠭᠠᠨ ᠢ ᠬᠦᠯᠢᠶᠡᠨ ᠠᠪᠴᠤ᠂ ᠬᠠᠤᠯᠢ ᠴᠠᠭᠠᠵᠠ ᠶᠢᠨ ᠰᠠᠯᠪᠤᠷᠢ ᠨᠢ ︽ᠳᠥᠷᠪᠡᠨ ᠭᠠᠵᠠᠷ | ᠨᠢᠭᠡ ᠲᠢᠩᠬᠢᠮ︾ ᠲᠠᠢ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ ᠳᠥᠷᠥᠯᠵᠢ ᠪᠠᠯᠭᠠᠰᠤᠨ ᠤ ᠪᠠᠶᠠᠨᠬᠠᠷ᠎ᠠ | ᠭᠠᠴᠠᠭ᠎ᠠ ᠳᠤ ᠬᠦᠷᠴᠦ᠂ ᠡᠶᠡᠳᠡᠭᠦᠯᠦᠭᠴᠢ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠤ ᠬᠦᠰᠡᠯ ᠱᠠᠭᠠᠷᠳᠠᠯᠭ᠎ᠠ ᠪᠠ | ᠪᠣᠳᠠᠲᠠᠢ ᠪᠠᠶᠢᠳᠠᠯ ᠢ ᠭᠦᠢᠴᠡᠳ ᠣᠶᠢᠯᠠᠭᠠᠭᠰᠠᠨ ᠤ ᠳᠠᠷᠠᠭ᠎ᠠ᠂ ᠵᠣᠭᠤᠰ ᠥᠷᠢᠲᠦᠵᠦ ᠪᠠᠶᠢᠭ᠎ᠠ ᠴᠠᠭ ᠨᠢ ᠬᠡᠳᠦ ᠤᠷᠲᠤ | ᠂ ᠵᠠᠷᠭᠤ ᠶᠢᠨ ᠥᠪᠡᠷ ᠤᠨ ᠥᠷᠲᠡᠭ ᠨᠢ ᠨᠡᠯᠢᠶᠡᠳ ᠳᠡᠭᠡᠳᠦ ᠵᠡᠷᠭᠡ ᠶᠢᠨ ᠬᠦᠴᠦᠨ ᠵᠦᠢᠯ ᠢ ᠪᠣᠳᠣᠯᠬᠢᠯᠠᠵᠤ᠂ ᠬᠤᠶᠠᠷ | ᠲᠠᠯ᠎ᠠ ᠶᠢᠨ ᠲᠤᠬᠠᠢ ᠶᠢᠨ ᠬᠥᠮᠦᠨ ᠢ ᠬᠤᠯᠪᠣᠭᠠᠯᠠᠨ ᠬᠥᠳᠡᠯᠦᠯᠴᠡᠵᠦ ᠡᠶᠡᠳᠡᠭᠦᠯᠪᠡ᠃ ᠳᠠᠷᠠᠭ᠎ᠠ ᠨᠢ᠂ ᠡᠶᠡᠳᠡᠭᠦᠯᠦᠭᠴᠢ | ᠵᠥᠪ ᠢᠶᠠᠷ ᠬᠥᠲᠥᠯᠥᠨ ᠵᠢᠯᠣᠭᠤᠳᠬᠤ᠂ ᠵᠦᠢ ᠵᠣᠬᠢᠰᠲᠠᠢ ᠰᠠᠨᠠᠭᠤᠯᠭ᠎ᠠ ᠬᠢᠬᠦ ᠪᠠᠷ ᠳᠠᠮᠵᠢᠭᠤᠯᠤᠨ᠂ ᠬᠤᠶᠠᠷ | ᠲᠠᠯ᠎ᠠ ᠶᠢᠨ ᠲᠤᠬᠠᠢ ᠶᠢᠨ ᠬᠥᠮᠦᠨ ᠤ ᠡᠰᠡᠷᠭᠦᠴᠡᠯᠳᠦᠬᠦ ᠰᠡᠳᠬᠢᠯᠭᠡ ᠶᠢ ᠠᠷᠢᠯᠭᠠᠭᠰᠠᠨ ᠪᠥᠭᠡᠳ ᠵᠢᠭᠡᠯᠡᠯᠭᠡ ᠶᠢᠨ ᠡᠬᠡ | ᠮᠥᠩᠭᠦ᠂ ᠬᠦᠦ ᠮᠥᠩᠭᠦ ᠵᠢᠴᠢ ᠵᠣᠭᠤᠰ ᠪᠤᠴᠠᠭᠠᠬᠤ ᠬᠤᠭᠤᠴᠠᠭ᠎ᠠ ᠵᠡᠷᠭᠡ ᠶᠠᠪᠤᠳᠠᠯ ᠤᠨ ᠲᠤᠬᠠᠢ ᠡᠶᠡᠳᠡᠭᠦᠯᠬᠦ | ᠬᠡᠯᠡᠯᠴᠡᠭᠡᠷ ᠲᠣᠭᠲᠠᠵᠤ᠂ ᠣᠯᠠᠨ ᠲᠦᠮᠡᠨ ᠤ ︽ᠭᠡᠷ ᠤᠨ ᠡᠭᠦᠳᠡ︾ ᠳᠤ ᠵᠥᠷᠢᠴᠡᠯ ᠵᠢᠭᠤᠷᠠᠯᠳᠤᠭᠠᠨ ᠢ ᠠᠷᠢᠯᠭᠠᠪᠠ᠃ | ︽ᠥᠨᠥᠳᠦᠷ ᠠᠵᠢᠯᠲᠠᠳ ᠮᠠᠨ ᠤ ᠭᠠᠴᠠᠭ᠎ᠠ ᠳᠤ ᠢᠷᠡᠵᠦ᠂ ᠮᠢᠨᠦ ᠵᠢᠭᠡᠯᠡᠯᠭᠡ ᠶᠢᠨ ᠵᠢᠭᠤᠷᠠᠯᠳᠤᠭᠠᠨ ᠤ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠪᠢ ᠡᠶᠡᠳᠡᠭᠦᠯᠭᠡ ᠶᠢᠨ ᠦᠷ᠎ᠡ ᠳ᠋ᠦᠩ ᠳᠤ ᠮᠠᠰᠢ ᠬᠠᠨᠤᠮᠵᠢᠲᠠᠢ᠂ ᠣᠲᠣ | ᠲᠣᠰᠬᠤᠨ ᠠᠴᠠ ᠭᠠᠷᠬᠤ ᠦᠭᠡᠢ᠂ ᠲᠣᠰᠬᠤᠨ ᠳᠤ ᠠᠰᠠᠭᠤᠳᠠᠯ ᠢ ᠰᠢᠢᠳᠪᠦᠷᠢᠯᠡᠵᠦ ᠲᠠᠶᠢᠯᠤᠨ᠎ᠠ︾ ᠭᠡᠵᠦ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠠᠷᠠᠳ ᠯᠠᠨ ᠹᠦ᠋ | ᠱᠠᠨ ᠬᠡᠯᠡᠪᠡ᠃ | ᠳᠥᠷᠥᠯᠵᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ︽ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ | ᠠᠷᠠᠳ ᠤᠨ ᠴᠠᠭᠳᠠᠭ᠎ᠠ ᠶᠢᠨ ᠡᠶᠡᠳᠡᠭᠦᠯᠦᠭᠴᠢ ᠶᠢᠨ ᠬᠠᠤᠯᠢᠴᠢ ᠶᠢᠨ ᠬᠠᠤᠯᠢ ᠴᠠᠭᠠᠵᠠ ᠶᠢᠨ ᠠᠵᠢᠯᠲᠠᠨ N︾ | ᠵᠠᠭᠪᠤᠷ ᠢ ᠢᠳᠡᠪᠬᠢᠲᠡᠢ ᠪᠣᠢ ᠪᠣᠯᠭᠠᠵᠤ᠂ ︽ᠳᠥᠷᠪᠡᠨ ᠭᠠᠵᠠᠷ ᠨᠢᠭᠡ ᠲᠢᠩᠬᠢᠮ︾ ᠢ ᠵᠣᠯᠭᠠᠭᠤᠯᠤᠨ ᠬᠤᠯᠪᠣᠭᠠᠯᠠᠨ | ᠬᠥᠳᠡᠯᠦᠯᠴᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ︽ᠨᠡᠬᠡᠮᠵᠢᠯᠡᠬᠦ︾ | ᠪᠠᠷ ᠵᠥᠷᠢᠴᠡᠯ ᠢ ᠶᠠᠪᠤᠵᠤ᠂ ᠠᠰᠠᠭᠤᠳᠠᠯ ᠢ ︽ᠠᠩᠬᠠᠷᠴᠤ︾᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ | ᠡᠴᠦᠰ ᠤᠨ ᠥᠷᠲᠡᠭᠡ︾ ᠶᠢ ᠬᠦᠴᠦᠯᠡᠨ ᠪᠣᠢ ᠪᠣᠯᠭᠠᠵᠤ᠂ ᠬᠠᠤᠯᠢ ᠴᠠᠭᠠᠵᠠ ᠶᠢᠨ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠤᠮᠧᠲᠷ︾ ᠢ ᠬᠠᠮᠵᠢᠯᠴᠠᠨ ᠥᠷᠭᠡᠳᠬᠡᠨ᠎ᠡ᠃ | ︽ᠳᠥᠷᠥᠯᠵᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠨᠢ ︿ᠳᠥᠷᠪᠡᠨ ᠭᠠᠵᠠᠷ ᠨᠢᠭᠡ ᠲᠢᠩᠬᠢᠮ﹀ ᠤᠨ | ᠵᠥᠷᠢᠴᠡᠯ ᠢ ᠬᠤᠯᠪᠣᠭᠠᠯᠠᠨ ᠲᠣᠬᠢᠷᠠᠭᠤᠯᠬᠤ ᠰᠢᠨ᠎ᠡ ᠵᠠᠭᠪᠤᠷ ᠢᠶᠠᠷ ᠳᠠᠮᠵᠢᠭᠤᠯᠤᠨ᠂ ᠬᠥᠳᠡᠭᠡ ᠲᠣᠰᠬᠤᠨ ᠳᠤ ᠪᠠᠶᠢᠩᠭᠤ | ᠲᠣᠬᠢᠶᠠᠯᠳᠤᠳᠠᠭ ᠣᠯᠠᠨ ᠡᠭᠦᠰᠳᠡᠭ ᠬᠥᠷᠰᠢ ᠵᠢᠭᠤᠷᠠᠯᠳᠤᠭᠠᠨ᠂ ᠠᠵᠤ ᠠᠬᠤᠢ ᠶᠢᠨ ᠵᠢᠭᠤᠷᠠᠯᠳᠤᠭᠠᠨ᠂ ᠤᠷᠤᠭ ᠭᠡᠷ | ᠪᠦᠯᠢ ᠶᠢᠨ ᠵᠢᠭᠤᠷᠠᠯᠳᠤᠭᠠᠨ ᠵᠡᠷᠭᠡ ᠶᠢ ᠬᠠᠮᠲᠤᠷᠠᠨ ᠠᠷᠢᠯᠭᠠᠵᠤ᠂ ᠵᠥᠷᠢᠴᠡᠯ ᠵᠢᠭᠤᠷᠠᠯᠳᠤᠭᠠᠨ ᠢ ᠡᠷᠲᠡ ᠠᠳᠬᠤᠨ | ᠪᠠᠭ᠎ᠠ ᠳᠤᠨᠢ ᠠᠳᠬᠤᠬᠤ ᠶᠢ ᠪᠦᠲᠦᠮᠵᠢᠲᠡᠢ ᠪᠡᠶᠡᠯᠡᠭᠦᠯᠵᠦ᠂ ᠬᠡᠷᠡᠭ ᠤᠨ ᠨᠡᠮᠡᠭᠳᠡᠯ ᠢ ᠡᠬᠢ ᠡᠭᠦᠰᠦᠯ ᠠᠴᠠ ᠨᠢ | ᠪᠠᠭᠠᠰᠬᠠᠨ᠂ ᠦᠨᠳᠦᠰᠦᠨ ᠱᠠᠲᠤᠨ ᠤ ᠡᠶᠡᠳᠡᠭᠦᠯᠬᠦ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ | ᠰᠢᠨ᠎ᠡ ᠬᠤᠪᠢ ᠨᠡᠮᠡᠷᠢ ᠦᠵᠡᠭᠦᠯᠪᠡ︾ ᠭᠡᠵᠦ ᠳᠦᠷᠦᠯᠵᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ | ᠳᠠᠷᠤᠭ᠎ᠠ ᠧᠦ ᠶᠠᠩ ᠴᠢ ᠹᠧᠩ ᠬᠡᠯᠡᠪᠡ᠃ | ᠭᠤᠣᠯ ᠤᠨ ᠪᠠᠶᠢᠰᠢᠩ ᠪᠠᠯᠭᠠᠰᠤᠨ ᠤ ᠶᠢᠨ ᠰᠢᠶᠠᠩ ᠭᠠᠴᠠᠭ᠎ᠠ ᠳᠤ᠂ ᠭᠠᠵᠠᠷ ᠰᠢᠷᠣᠢ ᠶᠢᠨ ᠬᠠᠮᠲᠤ ᠶᠢᠨ | ᠵᠢᠭᠤᠷᠠᠯᠳᠤᠭᠠᠨ ᠠᠴᠠ ᠪᠣᠯᠵᠤ᠂ ᠬᠤᠶᠠᠷ ᠲᠠᠯ᠎ᠠ ᠪᠠᠷ ᠢᠶᠠᠨ ᠬᠡᠳᠦᠨ ᠰᠠᠷ᠎ᠠ ᠵᠣᠬᠢᠴᠠᠭᠤᠯᠤᠭᠠᠳ ᠴᠥᠮ | ᠰᠢᠢᠳᠪᠦᠷᠢᠯᠡᠭᠰᠡᠨ ᠦᠭᠡᠢ ᠪᠣᠯᠵᠤ᠂ ᠭᠤᠣᠯ ᠤᠨ ᠪᠠᠶᠢᠰᠢᠩ ᠪᠠᠯᠭᠠᠰᠤᠨ ᠤ ︽ᠳᠥᠷᠪᠡᠨ ᠭᠠᠵᠠᠷ ᠨᠢᠭᠡ ᠲᠢᠩᠬᠢᠮ︾ | ᠤᠨ ᠠᠵᠢᠯᠲᠠᠨ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠬᠤᠶᠠᠷ ᠲᠠᠯ᠎ᠠ ᠶᠢ ᠵᠣᠬᠢᠶᠠᠨ | ᠪᠠᠶᠢᠭᠤᠯᠤᠨ ᠶᠣᠰᠣ ᠤᠴᠢᠷ ᠢ ᠶᠠᠷᠢᠵᠤ᠂ ᠪᠣᠳᠠᠲᠤ ᠶᠠᠪᠤᠳᠠᠯ ᠢ ᠳᠡᠯᠭᠡᠵᠦ᠂ ᠬᠠᠤᠯᠢ ᠲᠣᠭᠲᠠᠭᠠᠯ ᠢ ᠲᠦᠭᠡᠮᠡᠯᠵᠢᠭᠦᠯᠵᠦ | ᠬᠤᠶᠠᠷ ᠲᠠᠯ᠎ᠠ ᠶᠢᠨ ᠡᠴᠦᠰ ᠤᠨ ᠮᠥᠰᠥᠲᠦᠯᠭᠡ ᠠᠴᠠ ᠡᠮᠦᠨ᠎ᠡ ᠰᠡᠵᠢᠭᠯᠡᠵᠦ᠂ ᠦᠭᠡ ᠶᠠᠷᠢᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ | ᠵᠥᠷᠢᠴᠡᠯ ᠵᠢᠭᠤᠷᠠᠯᠳᠤᠭᠠᠨ ᠤ ︽5+X︾ ᠬᠤᠯᠪᠣᠭᠠᠯᠠᠨ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠦᠨ | ᠬᠡᠷᠡᠭᠵᠢᠭᠦᠯᠵᠦ᠂ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠬᠠᠤᠯᠢ ᠴᠠᠭᠠᠵᠠ᠂ ᠵᠠᠰᠠᠭ | ᠵᠠᠬᠢᠷᠭᠠᠨ ᠪᠠ ᠨᠡᠶᠢᠭᠡᠮ ᠤᠨ ᠬᠦᠴᠦᠨ ᠤ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ ᠵᠡᠷᠭᠡ ᠬᠠᠮ | ᠬᠡᠯᠪᠡᠷᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ ᠢ ᠪᠡᠶᠡᠯᠡᠭᠦᠯᠵᠦ᠂ ᠣᠯᠠᠨ ᠲᠦᠮᠡᠨ ᠤ ᠡᠷᠬᠡ ᠪᠠᠨ | ᠬᠠᠮᠠᠭᠠᠯᠠᠬᠤ ᠠᠷᠭ᠎ᠠ ᠵᠠᠮ ᠢ ᠥᠷᠭᠡᠳᠬᠡᠨ᠂ ᠨᠡᠩ ᠪᠦᠬᠦ ᠲᠠᠯ᠎ᠠ ᠶᠢᠨ᠂ ᠥᠨᠳᠥᠷ ᠪᠦᠲᠦᠮᠵᠢᠲᠡᠢ᠂ ᠣᠯᠠᠨ ᠡᠰᠢᠲᠦ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠪᠠ᠃ ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠠᠪᠤᠨ ᠡᠶᠡᠳᠡᠭᠦᠯᠭᠡ ᠶᠢᠨ ᠬᠠᠮᠲᠤᠷᠠᠨ ᠬᠥᠳᠡᠯᠦᠯᠴᠡᠬᠦ | ᠠᠵᠢᠯ ᠤᠨ ᠠᠷᠭ᠎ᠠ ᠶᠢ ᠥᠷᠨᠢᠭᠦᠯᠦᠭᠰᠡᠨ ᠠᠴᠠ ᠨᠠᠰᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 5676 | ᠬᠦᠯᠢᠶᠡᠨ ᠠᠪᠴᠤ ᠰᠢᠢᠳᠪᠦᠷᠢᠯᠡᠵᠦ᠂ 5662 ᠤᠳᠠᠭ᠎ᠠ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠤᠭᠰᠠᠨ | ᠨᠣᠷᠮ᠎ᠠ ᠨᠢ 99.7% ᠳᠤ ᠬᠦᠷᠴᠡᠢ᠃ | |