ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/17
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠴᠢᠳᠠᠪᠤᠷᠢ ᠪᠠ ᠭᠠᠯ ᠤᠨᠲᠠᠷᠠᠭᠠᠬᠤ ᠡᠩᠨᠡᠭᠡ ᠶᠢᠨ ᠪᠠᠶᠢᠯᠳᠤᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠢᠢᠳᠪᠦᠷᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ ᠪᠠ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠳᠥᠷᠥᠯᠵᠢ ᠪᠠᠯᠭᠠᠰᠤᠨ ᠤ ᠰᠠᠶᠢᠬᠠᠨ ᠠᠭᠤᠯᠠ ᠭᠠᠴᠠᠭ᠎ᠠ ᠳᠤ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠰᠣᠷᠢᠯᠲᠠ ᠳᠤ ᠣᠷᠣᠯᠴᠠᠭᠰᠠᠨ ᠨᠢᠭᠡᠴᠡ ᠵᠢᠴᠢ ᠬᠥᠮᠦᠰ ᠲᠣᠭᠲᠠᠭᠰᠠᠨ ᠴᠠᠭ᠂ ᠭᠠᠵᠠᠷ ᠲᠣᠭᠲᠠᠭᠰᠠᠨ ᠶᠣᠰᠣᠭᠠᠷ ᠴᠠᠭ ᠳᠠᠭᠠᠨ ᠬᠦᠷᠴᠦ᠂ ᠭᠠᠯ ᠰᠡᠷᠭᠡᠶᠢᠯᠡᠬᠦ ᠰᠣᠷᠢᠯᠲᠠ ᠶᠢᠨ ᠠᠵᠢᠯᠯᠠᠭ᠎ᠠ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠥᠷᠨᠢᠭᠦᠯᠪᠡ᠃ ᠣᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠬᠠᠷᠢᠭᠤᠴᠠᠯᠭᠠᠲᠠᠨ ᠡᠩ ᠤᠨ ᠮᠠᠰᠢᠨ ᠪᠠᠭᠠᠵᠢ ᠶᠢ ᠠᠵᠢᠯᠯᠠᠭᠤᠯᠤᠨ ᠬᠡᠷᠡᠭᠯᠡᠬᠦ ᠪᠠ ᠰᠡᠯᠪᠢᠨ ᠵᠠᠰᠠᠬᠤ᠂ ᠬᠤᠪᠢᠶᠠᠷᠢ ᠠᠩᠭᠢ ᠶᠢᠨ ᠭᠠᠯ ᠤᠨᠲᠠᠷᠠᠭᠠᠬᠤ ᠪᠠᠶᠢᠯᠳᠤᠭᠠᠨ ᠤ ᠶᠠᠪᠤᠴᠠ᠂ ᠭᠠᠯ ᠤᠨᠲᠠᠷᠠᠭᠠᠬᠤ ᠠᠵᠢᠯᠯᠠᠭ᠎ᠠ ᠶᠢᠨ ᠪᠠᠶᠢᠯᠳᠤᠬᠤ ᠠᠷᠭ᠎ᠠ ᠵᠡᠷᠭᠡ ᠶᠢ ᠲᠠᠶᠢᠯᠪᠤᠷᠢᠯᠠᠬᠤ ᠶᠢᠨ ᠬᠠᠮᠲᠤ ᠣᠢ ᠰᠢᠭᠤᠢ ᠶᠢᠨ ᠭᠠᠯ ᠤᠨ ᠭᠠᠮᠰᠢᠭ ᠢ ᠰᠡᠷᠭᠡᠶᠢᠯᠡᠬᠦ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ ᠥᠭᠪᠡ᠃ ᠰᠣᠷᠢᠯᠲᠠ ᠶᠢᠨ ᠲᠤᠬᠠᠢ ᠶᠢᠨ ᠲᠠᠯᠠᠪᠤᠷ ᠪᠠᠴᠢᠮ ᠪᠥᠭᠡᠳ ᠡᠮᠬᠢ ᠵᠢᠷᠤᠮ ᠲᠠᠢ᠃    ᠰᠣᠷᠢᠯᠲᠠ ᠨᠢ ᠳᠥᠷᠥᠯᠵᠢ ᠪᠠᠯᠭᠠᠰᠤᠨ ᠤ ᠰᠠᠶᠢᠬᠠᠨ ᠠᠭᠤᠯᠠ ᠭᠠᠴᠠᠭᠠᠨ ᠤ ᠡᠷᠭᠢᠨ ᠲᠣᠭᠤᠷᠢᠨ ᠤ ᠭᠠᠵᠠᠷ ᠣᠷᠣᠨ ᠳᠤ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠭᠠᠷᠤᠭᠰᠠᠨ ᠢᠶᠠᠷ ᠠᠷᠤ ᠦᠵᠡᠭᠳᠡᠯ ᠪᠣᠯᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠳᠠᠷᠤᠢ ᠲᠦᠷᠭᠡᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠭᠠᠯ ᠤᠨᠲᠠᠷᠠᠭᠠᠬᠤ ᠡᠩᠨᠡᠭᠡ ᠶᠢ ᠲᠥᠪᠯᠡᠷᠡᠭᠦᠯᠦᠨ ᠲᠤᠬᠠᠢ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠬᠤ ᠬᠡᠷᠡᠭᠲᠡᠢ᠃ ᠰᠣᠷᠢᠯᠲᠠ ᠳᠤ᠂ ᠠᠩᠭᠢ ᠶᠢᠨ ᠭᠡᠰᠢᠭᠦᠳ ᠨᠢᠭᠲᠠ ᠬᠠᠮᠵᠢᠯᠴᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠡ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠡᠰᠡᠭ ᠬᠤᠪᠢᠶᠠᠨ ᠬᠠᠮᠲᠤᠷᠠᠯᠴᠠᠵᠤ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ ᠤ ᠠᠵᠢᠯᠯᠠᠬᠤ ᠶᠠᠪᠤᠴᠠ ᠶᠢ ᠪᠣᠯᠪᠠᠰᠤᠷᠠᠩᠭᠤᠢ ᠬᠡᠷᠡᠭᠯᠡᠵᠦ᠂ ᠭᠠᠯ ᠤᠨᠲᠠᠷᠠᠭᠠᠬᠤ ᠡᠩᠨᠡᠭᠡ ᠶᠢᠨ ᠪᠤᠳᠤᠯᠢᠶᠠᠨᠲᠠᠢ ᠪᠠᠶᠢᠳᠠᠯ ᠳᠣᠣᠷ᠎ᠠ ᠬᠠᠮᠵᠢᠯᠴᠠᠨ ᠬᠠᠮᠵᠢᠯᠴᠠᠬᠤ ᠪᠠ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠰᠣᠷᠢᠯᠲᠠ ᠶᠢᠨ ᠶᠠᠪᠤᠴᠠ ᠨᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠭᠡᠨᠡᠳᠲᠡ ᠶᠢᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ︽ᠲᠤᠰ ᠤᠳᠠᠭᠠᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ᠂ ᠮᠠᠨ ᠤ ᠣᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠳᠤᠮᠳᠠ ᠠᠩᠭᠢ ᠨᠡᠶᠢᠲᠡ ᠨᠢᠭᠡ ᠳᠤᠭᠤᠶᠢᠯᠠᠩ ᠬᠥᠳᠡᠯᠭᠡᠨ ᠨᠡᠶᠢᠲᠡ 12 ᠬᠥᠮᠦᠨ ᠭᠠᠷᠭᠠᠵᠤ᠂ ᠬᠢᠴᠢᠶᠡᠯ ᠣᠷᠣᠬᠤ ᠪᠠᠷ ᠳᠠᠮᠵᠢᠨ᠂ ᠪᠤᠰᠤᠳ ᠰᠣᠷᠢᠯᠲᠠ ᠶᠢᠨ ᠠᠩᠭᠢ ᠶᠢᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠨ ᠤᠨᠲᠠᠷᠠᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ︾ ᠭᠡᠵᠡᠢ᠃ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠣᠢ ᠰᠢᠭᠤᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠤᠮᠳᠠ ᠠᠩᠭᠢ ᠶᠢᠨ ᠳᠠᠷᠤᠭ᠎ᠠ ᠶᠢᠨ ᠲᠤᠰᠠᠯᠠᠭᠴᠢ ᠴᠠᠢ ᠭᠤᠸᠠᠵᠦᠦ᠃ ᠰᠣᠷᠢᠯᠲᠠ ᠳᠤ ᠣᠷᠣᠯᠴᠠᠭᠰᠠᠨ ᠡᠯ᠎ᠡ ᠨᠢᠭᠡᠴᠡ ᠵᠢᠴᠢ ᠠᠵᠢᠯᠲᠠᠳ ᠲᠣᠭᠲᠠᠭᠰᠠᠨ ᠴᠠᠭ ᠳᠠᠭᠠᠨ ᠰᠣᠷᠢᠯᠲᠠ ᠶᠢᠨ ᠲᠤᠬᠠᠢ ᠶᠢᠨ ᠲᠠᠯᠠᠪᠠᠢ ᠳᠤ ᠬᠦᠷᠪᠡ᠃ ᠲᠤᠰ ᠤᠳᠠᠭᠠᠨ ᠤ ᠰᠣᠷᠢᠯᠲᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠲᠦᠷᠦᠭᠦᠯᠡᠨ᠂ ᠡᠯ᠎ᠡ ᠬᠠᠮᠠᠭᠠᠯᠠᠯᠲᠠ ᠶᠢᠨ ᠣᠷᠣᠨ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠳᠥᠷᠥᠯᠵᠢ ᠪᠠᠯᠭᠠᠰᠤ᠂ ᠣᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠣᠷᠣᠯᠴᠠᠵᠤ᠂ ᠨᠡᠶᠢᠲᠡ 100 ᠭᠠᠷᠤᠢ ᠬᠥᠮᠦᠨ᠂ 15 ᠲᠡᠷᠭᠡ ᠬᠥᠰᠬᠡ ᠶᠢ ᠬᠥᠳᠡᠯᠭᠡᠪᠡ᠃ ᠣᠨᠣᠯ ᠤᠨ ᠰᠤᠷᠤᠯᠴᠠᠯᠭ᠎ᠠ᠂ ᠪᠣᠳᠠᠲᠤ ᠰᠣᠷᠢᠯᠲᠠ ᠪᠠᠷ ᠳᠠᠮᠵᠢᠨ᠂ ᠪᠦᠬᠦ ᠬᠤᠰᠢᠭᠤᠨ ᠤ ᠣᠢ ᠰᠢᠭᠤᠢ ᠬᠠᠮᠠᠭᠠᠯᠠᠭᠴᠢ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠪᠥᠬᠦ ᠵᠢᠯᠣᠭᠤᠳᠣᠭᠴᠢ ᠰᠣᠷᠢᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ ᠵᠠᠳᠠᠯᠤᠯᠲᠠ ᠬᠢᠬᠦ ᠶᠢᠨ ᠬᠠᠮᠲᠤ ᠲᠣᠬᠢᠷᠠᠭᠤᠯᠤᠯᠲᠠ ᠬᠢᠬᠦ ᠠᠷᠭ᠎ᠠ ᠬᠡᠮᠵᠢᠶ᠎ᠡ ᠳᠤᠷᠠᠳᠴᠤ᠂ ᠦᠨᠡᠨ ᠪᠣᠳᠠᠲᠠᠢ ᠭᠠᠯ ᠲᠦᠢᠮᠡᠷ ᠤᠨ ᠲᠠᠯᠠᠪᠠᠢ ᠳᠤ ᠭᠠᠯ ᠤᠨᠲᠠᠷᠠᠭᠠᠬᠤ ᠡᠭᠦᠷᠭᠡ ᠪᠠᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠲᠤᠰ ᠤᠳᠠᠭᠠᠨ ᠤ ᠰᠣᠷᠢᠯᠲᠠ ᠪᠣᠯ ᠨᠢᠭᠡ ᠤᠳᠠᠭᠠᠨ ᠤ ᠪᠦᠬᠦ ᠲᠠᠯ᠎ᠠ ᠶᠢᠨ᠂ ᠦᠨᠡᠨ ᠪᠣᠳᠠᠲᠠᠢ ᠳᠠᠭᠤᠷᠢᠶᠠᠮᠠᠯ ᠪᠣᠯᠪᠠᠰᠤᠷᠠᠯ ᠪᠣᠯᠤᠨ᠎ᠠ᠃ ᠡᠭᠦᠨ ᠤ ᠭᠤᠣᠯ ᠵᠣᠷᠢᠯᠭ᠎ᠠ ᠨᠢ ᠮᠠᠨ ᠤ ᠬᠠᠷᠢᠭᠤ ᠲᠤᠰᠬᠠᠬᠤ ᠴᠢᠳᠠᠪᠤᠷᠢ ᠪᠠ ᠠᠷᠭᠠᠴᠠᠬᠤ ᠴᠢᠳᠠᠪᠤᠷᠢ ᠶᠢ ᠰᠢᠯᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠷᠤᠮᠵᠢᠭᠰᠠᠨ ᠠᠵᠢᠯᠯᠠᠬᠤ ᠶᠠᠪᠤᠴᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠣᠶᠢᠯᠠᠭᠠᠨ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠠᠷᠭ᠎ᠠ ᠶᠢ ᠡᠵᠡᠮᠰᠢᠵᠦ᠂ ᠭᠠᠯ ᠤᠨ ᠭᠠᠮᠰᠢᠭ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠦᠵᠡᠭᠦᠯᠬᠦ ᠡᠪᠳᠡᠯᠡᠭᠡ ᠪᠠ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ ᠶᠤᠮ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠦ᠋ ᠶᠥᠩ ᠱᠧᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号