ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠠᠷᠠᠯᠲᠠ ᠪᠠᠨ ᠰᠤᠯᠠᠷᠠᠭᠤᠯᠤᠯ ᠦᠭᠡᠢ ᠠᠳᠬᠤᠵᠤ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠷᠢᠭᠦᠨ ᠤ  ᠬᠢ ᠪᠤᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2024/10/17
    ᠰᠢᠨᠬᠤᠸᠠ ᠬᠤᠷᠢᠶ᠎ᠠ ᠶᠢᠨ ᠰᠢᠶᠠᠮᠧᠨ ᠤ 10 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠹᠦᠵᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠹᠦᠵᠢᠶᠠᠨ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠴᠠ ᠨᠢ ᠠᠮᠢᠳᠤᠯᠢᠭ᠂ ᠠᠵᠤ ᠦᠢᠯᠡᠰ ᠨᠢ ᠰᠢᠯᠢᠳᠡᠭ᠂ ᠠᠷᠠᠳ ᠨᠢ ᠪᠠᠶᠠᠨ ᠂ ᠠᠮᠢ ᠠᠬᠤᠢ ᠨᠢ ᠦᠵᠡᠰᠬᠦᠯᠡᠩᠲᠦ ᠰᠠᠶᠢᠬᠠᠨ ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠬᠠᠷᠠᠯᠲᠠ ᠶᠢ ᠰᠤᠯᠠᠷᠠᠭᠤᠯᠤᠯ ᠦᠭᠡᠢ ᠠᠳᠬᠤᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠳᠠᠪᠰᠢᠯᠲᠠ ᠲᠠᠢ ᠪᠣᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠤ᠂ ᠴᠢᠨᠠᠷᠯᠢᠭ ᠠᠮᠢᠳᠤᠷᠠᠯ ᠢ ᠴᠣᠭᠴᠠᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠷᠢᠭᠦᠨ ᠤ ᠬᠢ ᠪᠤᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃    10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠧᠦ ᠽᠦ ᠢ ᠪᠣᠯᠣᠨ ᠮᠤᠵᠢ ᠶᠢᠨ ᠳᠠᠷᠤᠭ᠎ᠠ ᠵᠣᠣ ᠯᠦᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠵᠠᠩᠵᠸᠦ᠂ ᠰᠢᠶᠠᠮᠧᠨ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠬᠤᠪᠢᠰᠬᠠᠯ ᠤᠨ ᠬᠥᠮᠦᠵᠢᠯ ᠤᠨ ᠰᠠᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃    15 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠵᠠᠩᠵᠸᠤ ᠬᠤᠳᠠ ᠶᠢᠨ ᠳ᠋ᠦᠩᠱᠠᠨ ᠰᠢᠶᠠᠨ ᠳᠤ ᠰᠢᠨᠵᠢᠯᠡᠨ ᠪᠠᠶᠢᠴᠠᠭᠠᠪᠠ᠃ ᠲᠤᠰ ᠰᠢᠶᠠᠨ ᠤ ᠵᠡᠭᠦᠨ ᠡᠮᠦᠨ᠎ᠡ ᠪᠡᠶ᠎ᠡ ᠶᠢᠨ ᠴᠧᠨᠴᠧᠩ ᠪᠠᠯᠭᠠᠰᠤᠨ ᠤ ᠤᠤ ᠵᠢᠶᠣᠣ ᠲᠣᠰᠬᠤᠨ ᠭᠤᠷᠪᠠᠨ ᠲᠠᠯ᠎ᠠ ᠪᠠᠷ ᠢᠶᠠᠨ ᠳᠠᠯᠠᠢ ᠲᠠᠢ ᠵᠠᠯᠭᠠᠯᠳᠤᠵᠤ᠂ ᠣᠶᠢᠷ᠎ᠠ ᠶᠢᠨ ᠵᠢᠯ ᠳᠤ ᠳᠠᠯᠠᠢ ᠳᠤ ᠲᠦᠰᠢᠭᠯᠡᠨ ᠲᠣᠰᠬᠤᠨ ᠢᠶᠠᠨ ᠮᠠᠨᠳᠤᠭᠤᠯᠬᠤ᠂ ᠳᠠᠯᠠᠢ ᠳᠤ ᠲᠦᠰᠢᠭᠯᠡᠨ ᠲᠣᠰᠬᠤᠨ ᠢᠶᠠᠨ ᠬᠦᠴᠦᠷᠬᠡᠭᠵᠢᠭᠦᠯᠬᠦ ᠰᠢᠨ᠎ᠡ ᠵᠠᠮ ᠢᠶᠠᠷ ᠵᠠᠮᠨᠠᠪᠠ᠃ ᠰᠢ ᠶᠢᠨ ᠫᠢᠩ ᠤᠤ ᠵᠢᠶᠣᠣ ᠪᠤᠯᠤᠩ ᠤᠨ ᠳᠠᠯᠠᠢ ᠶᠢᠨ ᠣᠷᠣᠨ ᠤ ᠣᠷᠴᠢᠨ ᠲᠣᠭᠤᠷᠢᠨ ᠪᠠ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ ᠳᠠᠯᠠᠢ ᠶᠢᠨ ᠢᠳᠡᠭᠡᠨ ᠤ ᠪᠠᠷᠠᠭ᠎ᠠ ᠪᠠ ᠵᠢᠭᠠᠰᠤᠨ ᠤ ᠭᠠᠷᠤᠯᠲᠠ ᠶᠢᠨ ᠠᠷᠠᠯᠵᠢᠶᠠᠨ ᠤ ᠪᠠᠶᠢᠳᠠᠯ ᠢ ᠨᠠᠷᠢᠨ ᠣᠶᠢᠯᠠᠭᠠᠪᠠ᠃ ᠴᠥᠭᠡᠨ ᠪᠤᠰᠤ ᠲᠡᠯᠡᠶ ᠶᠢᠨ ᠭᠠᠷᠤᠯᠲᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠤᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ ᠪᠠᠶᠢᠬᠤ ᠶᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠣᠨ ᠵᠢᠭᠠᠰᠤᠴᠢᠨ ᠳᠤ᠂ ᠪᠢ 23 ᠵᠢᠯ ᠤᠨ ᠡᠮᠦᠨ᠎ᠡ ᠲᠠᠨ ᠤ ᠲᠤᠰᠬᠤᠨ ᠳᠤ ᠢᠷᠡᠵᠦ ᠥᠩᠭᠡᠷᠡᠭᠰᠡᠨ ᠶᠤᠮ᠂ ᠣᠳᠣ ᠪᠤᠯᠲᠠᠯ᠎ᠠ ᠭᠦᠨ ᠰᠠᠭᠤᠭᠳᠠᠯ ᠲᠠᠢ ᠪᠠᠶᠢᠨ᠎ᠠ᠃ ᠡᠨᠡ ᠤᠳᠠᠭ᠎ᠠ ᠲᠣᠰᠬᠤᠨ ᠳᠤ ᠮᠠᠰᠢ ᠶᠡᠭᠡ ᠬᠤᠪᠢᠷᠠᠯᠲᠠ ᠭᠠᠷᠤᠭᠰᠠᠨ ᠢ ᠦᠵᠡᠭᠡᠳ ᠲᠤᠩ ᠪᠠᠶᠠᠷᠯᠠᠵᠤ᠂ ᠲᠤᠩ ᠳᠣᠭᠳᠣᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠬᠥᠳᠡᠭᠡ ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠦ ᠠᠮᠢᠳᠤᠷᠠᠯ ᠲᠠᠢ ᠪᠤᠯᠬᠤ ᠶᠤᠮ᠃ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠬ᠎ᠠ ᠲᠡᠷᠭᠡᠨ ᠤ ᠦᠢᠯᠡᠳᠦᠯ ᠢᠶᠠᠨ ᠪᠠᠳᠠᠷᠠᠭᠤᠯᠵᠤ᠂ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ︽ᠲᠠᠯᠠᠢ ᠲᠠᠩᠭᠢᠰ︾ ᠤᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠪᠠᠶᠠᠵᠢᠬᠤ ᠵᠠᠮ ᠳᠡᠭᠡᠷ᠎ᠡ ᠴᠤᠴᠠᠯᠲᠠ ᠦᠭᠡᠢ ᠤᠷᠤᠭᠰᠢᠯᠠᠬᠤ ᠬᠡᠷᠡᠭᠲᠡᠢ ᠭᠡᠪᠡ᠃    ᠲᠠᠷᠠᠭ᠎ᠠ ᠨᠢ᠂ ᠰᠢ ᠶᠢᠨ ᠫᠢᠩ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠭᠦ᠋ ᠸᠧᠨ ᠴᠠᠩ ᠨᠥᠬᠦᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠦ᠋ ᠸᠧᠨ ᠴᠠᠩ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠺᠠᠳ᠋ᠷ ᠤᠨ ᠠᠵᠢᠯ ᠤᠨ ᠠᠮᠵᠢᠯᠲᠠ ᠶᠢᠨ ᠰᠠᠶᠢᠨ ᠮᠠᠭᠤ ᠶᠢ ᠬᠡᠮᠵᠢᠬᠦ ᠳᠤ ᠵᠠᠩᠭᠢᠯᠠᠭ᠎ᠠ ᠨᠢ ᠠᠷᠠᠳ ᠤᠯᠠᠨ ᠤ ᠮᠠᠭᠲᠠᠭᠠᠯ ᠰᠠᠶᠢᠰᠢᠶᠠᠯ ᠰᠠᠶᠢᠨ ᠡᠰᠡᠬᠦ ᠶᠢ ᠦᠵᠡᠨ᠎ᠡ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠭᠦ᠋ ᠸᠧᠨ ᠴᠠᠩ ᠨᠥᠬᠦᠷ ᠠᠴᠠ ᠲᠠᠭᠠᠨ ᠰᠤᠷᠤᠯᠴᠠᠵᠤ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠢ ᠪᠤᠯᠭᠠᠵᠤ᠂ ᠳᠠᠷᠤᠭ᠎ᠠ ᠲᠤᠰᠢᠶᠠᠯᠲᠠᠨ ᠪᠣᠯᠪᠠᠰᠤ ᠭᠠᠵᠠᠷ ᠣᠷᠣᠨ ᠤ ᠠᠷᠠᠳ ᠲᠠᠭᠠᠨ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠥᠷᠯᠥᠭ ᠬᠥᠰᠢᠶ᠎ᠡ ᠶᠢ ᠠᠷᠠᠳ ᠤᠯᠠᠨ ᠤ ᠰᠡᠳᠬᠢᠯ ᠳᠤ ᠱᠤᠭᠤᠬᠤ ᠬᠡᠷᠡᠭᠲᠡᠢ᠃ ᠭᠦ᠋ ᠸᠧᠨ ᠴᠠᠩ ᠨᠥᠬᠦᠷ ᠠᠴᠠ ᠰᠤᠷᠤᠯᠴᠠᠬᠤ ᠳᠤ᠂ ᠲᠡᠭᠦᠨ ᠤ ᠮᠣᠷᠠᠯ ᠡᠷᠳᠡᠮ ᠬᠤᠣᠰᠯᠠᠭᠰᠠᠨ ᠡᠷᠬᠢᠮ ᠳᠡᠭᠡᠳᠦ ᠵᠠᠩ ᠰᠤᠷᠲᠠᠯ ᠢ ᠨᠢ ᠪᠢᠰᠢᠷᠡᠨ ᠰᠤᠷᠤᠯᠴᠠᠬᠤ ᠪᠠᠷ ᠪᠠᠷᠠᠬᠤ ᠦᠭᠡᠢ᠂ ᠲᠡᠭᠦᠨ ᠰᠢᠭ ᠬᠥᠮᠥᠨ ᠪᠣᠯᠵᠤ ᠵᠠᠰᠠᠭ ᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢ ᠶᠢᠨ ᠫᠢᠩ ᠲᠤᠬᠠᠢ ᠶᠢᠨ ᠭᠠᠵᠠᠷ ᠤᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠶᠠᠷ ᠬᠥᠪᠡᠭᠡᠨ ᠤ ᠰᠣᠶᠣᠯ ᠤᠨ ᠰᠣᠯᠢᠯᠴᠠᠭ᠎ᠠ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠣᠶᠣᠯ ᠤᠨ ᠥᠪ ᠪᠣᠯ ᠡᠪᠦᠭᠡ ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    16 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠮᠧᠨ ᠳᠤ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠪᠠ᠃ ᠲᠡᠷᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠰᠢᠶᠠᠮᠧᠨ ᠣᠨᠴᠠᠭᠠᠢ ᠣᠷᠣᠨ 40 ᠭᠠᠷᠤᠢ ᠵᠢᠯ ᠤᠨ ᠬᠥᠭᠵᠢᠯᠲᠡ ᠪᠠᠷ ᠳᠠᠮᠵᠢᠨ ᠲᠤᠬᠠᠢ ᠶᠢᠨ ᠵᠢᠯ ᠳᠤ ᠲᠥᠰᠥᠭᠡᠯᠡᠬᠦᠶ᠎ᠡ ᠪᠡᠷᠬᠡ ᠯᠤᠲᠤ ᠶᠡᠭᠡ ᠬᠤᠪᠢᠷᠠᠯᠲᠠ ᠭᠠᠷᠴᠠᠢ᠃ ᠥᠨᠥᠳᠥᠷ ᠥᠭᠡᠷᠡᠴᠢᠯᠡᠯᠲᠡ ᠨᠡᠭᠡᠭᠡᠯᠲᠡ ᠶᠢ ᠠᠳᠬᠤᠬᠤ ᠶᠢᠨ ᠭᠦᠨᠴᠡ ᠪᠠ ᠥᠷᠭᠡᠴᠡ ᠶᠢᠨ ᠲᠠᠯ᠎ᠠ ᠪᠠᠷ ᠴᠥᠮ ᠥᠩᠭᠡᠷᠡᠭᠰᠡᠨ ᠤ ᠱᠠᠭᠠᠷᠳᠠᠯᠭ᠎ᠠ ᠠᠴᠠ ᠨᠡᠩ ᠥᠨᠳᠥᠷ ᠪᠣᠯᠪᠠ᠃ ᠹᠦᠵᠢᠶᠠᠨ ᠪᠣᠯᠣᠨ ᠰᠢᠶᠠᠮᠧᠨ ᠤ ᠬᠢᠨ ᠪᠠᠶᠢᠳᠠᠯ ᠤᠨ ᠬᠥᠭᠵᠢᠯᠲᠡ ᠳᠤ ᠵᠣᠬᠢᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶ᠎ᠠ ᠪᠠᠷ ᠭᠦᠨ ᠬᠠᠭᠠᠯᠪᠤᠷᠢᠯᠠᠵᠤ ᠨᠠᠷᠢᠯᠢᠭ ᠠᠷᠠᠴᠢᠯᠠᠬᠤ ᠶᠢ ᠵᠣᠯᠭᠠᠭᠤᠯᠵᠤ᠂ ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    16 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠠᠮᠧᠨ ᠳᠤ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠪᠦᠷᠢᠨ ᠲᠡᠭᠦᠯᠳᠡᠷ ᠰᠢᠨ᠎ᠡ ᠶᠢ ᠡᠭᠦᠳᠬᠦ ᠣᠷᠴᠢᠨ ᠨᠥᠬᠦᠴᠡᠯ᠂ ᠨᠡᠩ ᠲᠠᠲᠠᠬᠤ ᠬᠦᠴᠦᠨ ᠲᠠᠢ ᠴᠢᠳᠠᠪᠤᠷᠢᠲᠠᠨ ᠤ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠵᠦ᠂ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠤᠶᠢᠯᠭᠠᠨ᠂ ᠦᠷᠭᠦᠯᠵᠢᠯᠡᠨ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠬᠡᠷᠡᠭᠲᠡᠢ᠃ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠵᠤ᠂ ︽ᠵᠢᠨᠵᠢᠶᠠᠩ ᠤᠨ ᠲᠤᠷᠰᠢᠯᠭ᠎ᠠ︾ ᠶᠢ ᠰᠢᠨ᠎ᠡ ᠶᠢ ᠡᠭᠦᠳᠦᠨ ᠬᠥᠭᠵᠢᠭᠦᠯᠵᠦ᠂ ᠪᠦᠭᠦ ᠨᠡᠶᠢᠭᠡᠮ ᠤᠨ ᠪᠡᠯᠡ ᠣᠷᠣᠭᠤᠯᠵᠤ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠤᠯᠠᠨ ᠤ ᠪᠤᠳᠤᠵᠤ ᠰᠠᠨᠠᠭᠰᠠᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠤᠷᠢᠳ ᠢᠶᠠᠷ ᠰᠠᠶᠢᠲᠤᠷ ᠠᠳᠬᠤᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ 21 ᠳ᠋ᠦ᠋ᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ ᠤᠨ ᠭᠤᠣᠯ ᠣᠷᠣᠨ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠴᠢᠬᠤᠯᠠ ᠨᠡᠪᠲᠡᠷᠡᠬᠦ ᠵᠠᠮ ᠤᠨ ᠴᠢᠳᠠᠮᠵᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠭᠦ ᠬᠡᠷᠡᠭᠲᠡᠢ᠃ ᠠᠭᠤᠯᠠᠷᠬᠠᠭ ᠣᠷᠣᠨ ᠪᠠ ᠲᠠᠯᠠᠢ ᠳᠠᠭᠠᠤ ᠣᠷᠣᠨ ᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ ᠠᠭᠤᠯᠠᠷᠬᠠᠭ ᠣᠷᠣᠨ ᠪᠠ ᠲᠠᠯᠠᠢ ᠳᠠᠭᠠᠤ ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠳᠠᠮᠵᠢ ᠶᠢᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠨᠳᠥᠷ ᠠᠭᠤᠯᠠ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠰᠠᠪᠠ ᠭᠠᠵᠠᠷ ᠂ ᠭᠤᠣᠯᠳᠠᠯᠭ᠎ᠠ ᠲᠠᠢ ᠲᠠᠯᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠠᠯᠬᠤᠴᠠ ᠶᠢ ᠲᠦᠷᠭᠡᠳᠬᠡᠬᠦ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠡᠷᠲᠡ ᠴᠢᠯᠦᠭᠡᠯᠡᠭᠳᠡᠭᠰᠡᠨ ᠣᠷᠣᠨ ᠰᠣᠪᠢᠶᠠᠳ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠣᠶ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ ᠰᠢᠭᠤᠢ ᠶᠢᠨ ᠢᠳᠡᠭᠡᠨ ᠪᠠ ᠣᠶ ᠳᠣᠲᠣᠷᠠᠬᠢ ᠠᠵᠤ ᠠᠬᠤᠢ ᠶᠢ ᠬᠥᠭᠵᠢᠭᠦᠯᠦᠨ᠂ ︽ᠣᠶ ᠰᠢᠭᠤᠢ ᠶᠢᠨ ᠠᠮᠤ ᠶᠢᠨ ᠰᠠᠩ᠂ ᠵᠣᠭᠤᠰᠤᠨ ᠬᠥᠮᠥᠷᠭᠡ︾ ᠶᠢ ᠲᠠᠰᠤᠷᠠᠯᠲᠠ ᠦᠭᠡᠢ ᠠᠭᠤᠳᠠᠯᠤᠨ ᠪᠤᠶᠢᠵᠢᠭᠤᠯᠬᠤ ᠬᠡᠷᠡᠭᠲᠡᠢ᠃ ᠹᠦᠵᠧᠦ᠂ ᠰᠢᠶᠠᠮᠧᠨ ᠤ ᠪᠦᠭᠦ ᠤᠯᠤᠰ ᠤᠨ ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠹᠦᠵᠢᠶᠠᠨ ᠤ ᠰᠢᠨ᠎ᠡ ᠳᠦᠷᠢ ᠲᠥᠷᠬᠦ ᠶᠢ ᠢᠯᠡᠷᠡᠭᠦᠯᠬᠦ ᠳᠤ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠴᠠᠩ ᠲᠢᠩ᠂ ᠨᠢᠩᠬᠤᠸᠠ ᠶᠢᠨ ᠤᠷᠳᠤ ᠵᠠᠮ ᠤᠨ ᠠᠶᠠᠨ ᠲᠠᠶᠢᠨ ᠤ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ᠂ ᠬᠤᠪᠢᠰᠬᠠᠯ ᠤᠨ ᠲᠡᠦᠬᠡᠨ ᠮᠠᠲ᠋ᠧᠷᠢᠶᠠᠯ ᠪᠣᠯᠣᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠰᠣᠶᠣᠯ ᠢᠶᠠᠷ ᠬᠥᠮᠥᠨ ᠢ ᠤᠬᠠᠭᠠᠷᠠᠭᠤᠯᠬᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠵᠠᠩᠰᠢᠯ ᠢ ᠬᠠᠯᠠᠵᠤ ᠳᠠᠳᠬᠠᠯ ᠢᠶᠠᠨ ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠤᠶᠢᠵᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠤᠨ ᠳᠡᠯᠭᠡᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠦᠨᠳᠦᠰᠦᠲᠡᠨ ᠤ ᠬᠠᠮᠲᠤ ᠶᠢᠨ ᠲᠠᠨᠢᠯᠲᠠ᠂ ᠰᠣᠶᠣᠯ ᠤᠨ ᠬᠠᠮᠲᠤ ᠶᠢᠨ ᠲᠠᠨᠢᠯᠲᠠ᠂ ᠤᠯᠤᠰ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠲᠥᠷᠥᠯ ᠰᠠᠳᠤᠨ ᠨᠤᠲᠤᠭ ᠤᠨ ᠠᠬ᠎ᠠ ᠳᠡᠭᠦᠦ ᠨᠠᠷ᠂ ᠳᠡᠭᠡᠳᠦᠰ ᠤᠨ ᠭᠠᠵᠠᠷ ᠤᠨ ᠰᠣᠶᠣᠯ ᠵᠡᠷᠭᠡ ᠬᠤᠯᠪᠣᠭᠠᠰᠤ ᠳᠤ ᠲᠦᠰᠢᠭᠯᠡᠨ ᠬᠠᠷᠢᠶᠠᠲᠤ ᠨᠠᠷ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠤᠨ ᠭᠡᠰᠢᠭᠦᠨ ᠺᠠᠳ᠋ᠷᠴᠤᠳ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠮᠥᠵᠢᠭᠦᠯᠵᠦ᠂ ᠵᠣᠷᠢᠭᠲᠠᠢ ᠪᠠᠷ ᠲᠦᠷᠦᠭᠦᠯᠡᠨ ᠬᠢᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠵᠠᠮ ᠨᠡᠭᠡᠭᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠡᠪ ᠬᠠᠮᠲᠤᠴᠤᠳ ᠤᠨ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ ᠬᠠᠳᠠᠭᠠᠯᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号