ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠲᠤ | ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ | ︽ᠬᠠᠷᠢᠯᠴᠠᠨ ᠬᠤᠯᠪᠣᠭᠠᠯᠠᠭᠰᠠᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢ ᠨᠢᠭᠡ ᠴᠣᠭᠴᠠᠵᠢᠭᠤᠯᠤᠭᠰᠠᠨ | ᠲᠠᠪᠴᠠᠩ ᠢ ᠳᠡᠰ ᠳᠡᠪᠰᠢᠭᠦᠯᠦᠨ ᠥᠭᠡᠷᠡᠴᠢᠯᠡᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠡᠯᠧᠺᠳ᠋ᠷᠣᠨ ᠭᠠᠷ ᠤᠨ | ᠦᠰᠦᠭ ᠵᠢᠷᠤᠵᠤ ᠲᠠᠮᠠᠭ᠎ᠠ ᠳᠠᠷᠤᠬᠤ ᠵᠡᠷᠭᠡ ᠴᠢᠳᠠᠮᠵᠢ ᠶᠢ ᠨᠡᠮᠡᠭᠳᠡᠭᠦᠯᠦᠨ᠂ ᠪᠦᠬᠦ ᠠᠶᠢᠮᠠᠭ ᠤᠨ ᠠᠩᠬᠠᠳᠠᠭᠴᠢ | ᠤᠷᠢᠳᠴᠢᠯᠠᠨ ᠮᠡᠳᠡᠭᠳᠡᠵᠦ ᠳᠠᠩᠰᠠᠯᠠᠨ ᠲᠡᠮᠳᠡᠭᠯᠡᠬᠦ ᠶᠢ ᠭᠡᠷ ᠠᠴᠠ ᠪᠠᠨ ᠭᠠᠷᠭᠠᠬᠤ ᠦᠭᠡᠢ ︽ᠪᠦᠬᠦ ᠶᠠᠪᠤᠴᠠ ᠶᠢ | ᠰᠦᠯᠵᠢᠶ᠎ᠡ ᠪᠠᠷ ᠭᠦᠢᠴᠡᠳᠬᠡᠬᠦ︾ ᠭᠠᠵᠠᠷ ᠣᠷᠣᠨ ᠪᠣᠯᠤᠭᠰᠠᠨ ᠪᠠᠶᠢᠨ᠎ᠠ᠃ ᠠᠵᠢᠯᠲᠠᠳ ᠪᠠᠢ ᠢᠦᠢ ᠵᠤ ᠶᠢ | ᠬᠠᠪᠰᠤᠷᠤᠨ ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠳᠡᠬᠦ ᠳᠠᠩᠰᠠᠯᠠᠯᠲᠠ ᠬᠢᠪᠡ᠃ | 10 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠲᠦᠰᠢᠶᠡᠲᠦ ᠨᠡᠶᠢᠭᠡᠮ ᠲᠣᠭᠤᠷᠢᠭ ᠲᠤ ᠰᠠᠭᠤᠭ᠎ᠠ ᠰᠠᠭᠤᠭᠠᠯᠢ ᠠᠷᠠᠳ ᠪᠠᠢ ᠢᠦᠢ ᠵᠤ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ︽ᠢᠨᠲ᠋ᠧᠷ ᠰᠦᠯᠵᠢᠶᠡᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠨᠢᠭᠡ | ᠴᠣᠭᠴᠠᠵᠢᠭᠰᠠᠨ ᠲᠠᠪᠴᠠᠩ ᠢᠶᠠᠷ ᠳᠠᠮᠵᠢᠭᠤᠯᠤᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠤᠶᠤᠴᠢᠯᠠᠯ ᠢ | ᠠᠮᠠᠷᠬᠠᠨ ᠬᠢᠪᠡ᠃ ᠭᠦᠢᠴᠡᠳᠬᠡᠬᠦ ᠶᠠᠪᠤᠴᠠ ᠳᠤ᠂ ᠪᠠᠢ ᠢᠦᠢ ᠵᠤ ᠭᠠᠷ ᠤᠲᠠᠰᠤ ᠪᠠᠷ ᠡᠯ᠎ᠡ ᠭᠦᠢᠴᠡᠳᠬᠡᠬᠦ ᠠᠯᠬᠤᠮ | ᠳᠠᠷᠠᠭ᠎ᠠ ᠶᠢ ᠰᠢᠭᠤᠳ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠬᠤ ᠵᠦᠢᠯᠡᠰ ᠢᠶᠠᠨ ᠲᠤᠰᠢᠶᠠᠵᠤ᠂ | ᠰᠦᠯᠵᠢᠶᠡᠨ ᠳᠡᠭᠡᠷ᠎ᠡ ᠪᠦᠬᠦ ᠭᠠᠷᠳᠠᠮ ᠢ ᠰᠢᠭᠤᠳ ᠭᠦᠢᠴᠡᠳᠬᠡᠵᠦ ᠳᠠᠭᠤᠰᠬᠠᠪᠠ᠃ ᠪᠠᠢ ᠢᠦᠢ ᠵᠤ᠄ ︽ᠣᠳᠣ ᠭᠡᠷ | ᠬᠤᠳᠠᠯᠳᠤᠨ ᠠᠪᠬᠤ ᠨᠢ ᠳᠠᠩᠴᠤ ᠳᠥᠭᠦᠮ ᠪᠣᠯᠵᠠᠢ᠂ ᠦᠯᠦ ᠬᠥᠳᠡᠯᠬᠦ ᠬᠥᠷᠥᠩᠭᠡ ᠶᠢᠨ ᠲᠥᠪ ᠲᠤ ᠣᠴᠢᠵᠤ | ᠦᠨᠡᠮᠯᠡᠯ ᠠᠪᠬᠤ ᠴᠢᠬᠤᠯᠠ ᠦᠭᠡᠢ᠂ ᠰᠢᠭᠤᠳ ᠭᠠᠷ ᠤᠲᠠᠰᠤ ᠪᠠᠷ ᠠᠵᠢᠯᠯᠠᠵᠤ ᠳᠡᠶᠢᠯᠦᠨ᠎ᠡ᠃ ᠠᠵᠢᠯᠲᠠᠳ ᠠᠷᠤ | ᠲᠠᠪᠴᠠᠩ ᠳᠤ ᠬᠢᠨᠠᠨ ᠵᠥᠪᠰᠢᠶᠡᠷᠡᠵᠦ᠂ ᠭᠦᠢᠴᠡᠳᠬᠡᠬᠦ ᠬᠡᠷᠡᠭᠲᠡᠢ᠃ | ᠬᠤᠰᠢᠭᠤᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠠᠵᠢᠯᠲᠠᠳ ᠰᠦᠯᠵᠢᠶᠡᠨ | ᠳᠡᠭᠡᠷᠡᠬᠢ ᠭᠤᠶᠤᠴᠢᠯᠠᠯ ᠢ ᠣᠯᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠠᠷᠤ ᠲᠠᠪᠴᠠᠩ ᠳᠤ ᠬᠢᠨᠠᠨ | ᠬᠠᠷᠭᠤᠭᠤᠯᠵᠤ ᠳᠠᠩᠰᠠᠯᠠᠬᠤ ᠶᠢ ᠳᠠᠭᠤᠰᠬᠠᠵᠤ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ | ᠡᠯᠧᠺᠳ᠋ᠷᠣᠨ ᠦᠨᠡᠮᠯᠡᠯ ᠢ ᠲᠡᠷᠡ ᠳᠠᠷᠤᠢ ᠳᠤᠨᠢ ᠬᠠᠷᠭᠤᠭᠤᠯᠤᠨ ᠲᠠᠷᠬᠠᠭᠠᠪᠠ᠃ ᠪᠦᠬᠦ᠋ᠢᠯᠡ ᠳᠠᠩᠰᠠᠯᠠᠯᠲᠠ ᠶᠢᠨ | ᠶᠠᠪᠤᠴᠠ ᠳᠤ ᠴᠠᠭᠠᠰᠤᠨ ᠮᠠᠲ᠋ᠧᠷᠢᠶᠠᠯ ᠲᠤᠰᠢᠶᠠᠬᠤ ᠴᠢᠬᠤᠯᠠ ᠦᠭᠡᠢ᠂ ᠲᠤᠬᠠᠢ ᠶᠢᠨ ᠲᠠᠯᠠᠪᠤᠷ ᠲᠤ ᠬᠦᠷᠴᠦ | ᠭᠤᠶᠤᠴᠢᠯᠠᠬᠤ ᠴᠢᠬᠤᠯᠠ ᠦᠭᠡᠢ᠂ ᠣᠯᠠᠨ ᠲᠦᠮᠡᠨ ᠤ ︽ᠠᠵᠢᠯ ᠳᠤ ᠭᠠᠷᠬᠤ ᠳᠤ ᠬᠤᠭᠤᠰᠣᠨ ᠭᠠᠵᠠᠷ ᠦᠭᠡᠢ᠂ | ᠠᠵᠢᠯ ᠠᠴᠠ ᠪᠠᠭᠤᠬᠤ ᠳᠤ ᠬᠢᠬᠦ ᠭᠠᠵᠠᠷ ᠦᠭᠡᠢ︾ ᠪᠠᠶᠢᠬᠤ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠪᠡ᠃ | ᠤᠷᠢᠳᠴᠢᠯᠠᠨ ᠮᠡᠳᠡᠭᠳᠡᠵᠦ ᠳᠠᠩᠰᠠᠯᠠᠨ ᠲᠡᠮᠳᠡᠭᠯᠡᠬᠦ ︽ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠵᠠᠭᠪᠤᠷ ᠢ | ᠬᠡᠷᠡᠭᠵᠢᠭᠦᠯᠵᠦ᠂ ᠲᠠᠸᠠᠷ ᠤᠨ ᠭᠡᠷ ᠪᠠᠶᠢᠰᠢᠩ ᠤᠨ ︽ᠨᠢᠭᠡ ᠭᠡᠷ ᠪᠠᠶᠢᠰᠢᠩ ᠬᠤᠶᠠᠷ ᠬᠤᠳᠠᠯᠳᠤᠭ᠎ᠠ︾ ᠶᠢᠨ | ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠢ ᠪᠠᠲᠤᠯᠠᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠴᠦ | ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠵᠦ᠂ ᠮᠠᠲ᠋ᠧᠷᠢᠶᠠᠯ ᠢ ᠲᠤᠰᠢᠶᠠᠬᠤ ᠦᠭᠡᠢ᠂ | ᠠᠵᠢᠯᠲᠠᠨ ᠢ ᠦᠯᠦ ᠬᠥᠳᠡᠯᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠪᠠ᠃ | ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠯᠦ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠬᠦ ᠲᠥᠪ ᠠᠴᠠ ᠡᠯ᠎ᠡ ᠵᠦᠢᠯ ᠤᠨ ᠥᠨᠳᠥᠷ ᠳᠠᠪᠲᠠᠮᠵᠢᠲᠤ ᠲᠤᠬᠠᠶᠢᠯᠠᠭᠰᠠᠨ | ᠠᠵᠢᠯ ᠤᠨ ︿ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ﹀ ᠭᠠᠷᠭᠠᠵᠤ᠂ ᠦᠯᠦ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ︿ᠮᠡᠳᠡᠭᠡ | ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠠᠵᠢᠯ ᠤᠨ ᠬᠠᠷᠠᠯᠲᠠ ᠶᠢ ᠦᠨᠡᠨ | ᠬᠦ ᠪᠡᠶᠡᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠯᠦ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠲᠥᠪ ᠤᠨ ᠳᠡᠳ᠋ ᠡᠷᠬᠢᠯᠡᠭᠴᠢ ᠪᠦᠦ ᠵᠧᠨ ᠬᠤᠸᠠ ᠬᠡᠯᠡᠪᠡ᠃ |