ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠵᠢᠱᠢᠶ᠎ᠡ ᠦᠵᠡᠭᠦᠯᠵᠦ ᠵᠠᠮᠴᠢᠯᠠᠨ ᠬᠠᠷᠢᠯᠴᠠᠨ ᠲᠣᠯᠢᠯᠠᠵᠤ ᠬᠠᠮᠲᠤᠪᠠᠷ ᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠴᠡᠭ ᠢ ᠪᠠᠲᠤ ᠴᠣᠭᠴᠠᠯᠠᠬᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/18
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠵᠢᠱᠢᠶ᠎ᠡ ᠦᠵᠡᠭᠦᠯᠦᠨ ᠵᠠᠮᠴᠢᠯᠠᠵᠤ ᠬᠠᠷᠢᠯᠴᠠᠨ ᠲᠣᠯᠢᠯᠠᠵᠤ ᠬᠠᠮᠲᠤ ᠪᠠᠷ ᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠴᠡᠭ ᠢ ᠪᠠᠲᠤ ᠴᠣᠭᠴᠠᠯᠠᠬᠤ ᠦᠵᠡᠭᠦᠯᠭᠡ ᠶᠢᠨ ᠠᠵᠢᠯᠯᠠᠭ᠎ᠠ ᠥᠷᠨᠢᠭᠦᠯᠪᠡ᠃    ᠲᠣᠭᠤᠷᠢᠨ ᠦᠵᠡᠭᠴᠢ ᠤᠷᠢᠳ ᠬᠤᠵᠢᠳ ᠪᠠᠶᠠᠨᠬᠤᠰᠢᠭᠤ ᠶᠢᠨ ᠳᠥᠷᠪᠡᠳᠦᠭᠡᠷ ᠪᠠᠭ᠎ᠠ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠥᠪᠥᠷ ᠮᠣᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠳᠠᠶᠢᠴᠢᠨᠲᠠᠯ᠎ᠠ ᠰᠤᠮᠤ ᠶᠢᠨ ᠳᠠᠶᠢᠴᠢᠨᠲᠠᠯ᠎ᠠ ᠭᠠᠴᠠᠭ᠎ᠠ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠦᠷᠦᠭᠰᠡᠨ ᠭᠠᠵᠠᠷ ᠪᠣᠯᠭᠠᠨ ᠳᠤ ᠨᠠᠷᠢᠨ ᠬᠢᠨᠠᠮᠠᠭᠠᠢ ᠰᠣᠨᠣᠰᠴᠤ ᠂ ᠨᠠᠷᠢᠨ ᠨᠢᠮᠪᠠᠢ ᠦᠵᠡᠵᠦ᠂ ᠭᠦᠨᠵᠡᠭᠡᠢ ᠶᠠᠷᠢᠯᠴᠠᠵᠤ᠂ ᠨᠡᠶᠢᠲᠡᠯᠢᠭ ᠳᠤᠮᠳᠠ ᠠᠴᠠ ᠣᠨᠴᠠᠯᠢᠭ ᠢ ᠡᠷᠢᠵᠦ᠂ ᠭᠢᠯᠠᠰ ᠴᠡᠭ ᠠᠴᠠ ︽ᠰᠢᠮ᠎ᠡ ᠲᠡᠵᠢᠭᠡᠯ︾ ᠰᠢᠩᠭᠡᠭᠡᠨ ᠠᠪᠴᠠᠢ᠃ ᠵᠢᠱᠢᠶ᠎ᠡ ᠦᠵᠡᠭᠦᠯᠬᠦ ᠴᠡᠭ ᠨᠢᠭᠡᠪᠦᠷᠢ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠠᠯ᠎ᠠ ᠪᠠᠷ ᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠢᠯᠡᠳᠲᠡ ᠦᠷ᠎ᠡ ᠪᠦᠲᠦᠮᠵᠢ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠲᠤᠰ ᠤᠳᠠᠭᠠᠨ ᠤ ᠲᠣᠭᠤᠷᠢᠨ ᠦᠵᠡᠬᠦ ᠣᠯᠠᠨ ᠲᠠᠯ᠎ᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠠᠳ ᠣᠯᠤᠭᠰᠠᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠢᠯᠡᠷᠡᠭᠦᠯᠵᠦ᠂ ᠡᠯ᠎ᠡ ᠵᠢᠱᠢᠶ᠎ᠡ ᠦᠵᠡᠭᠦᠯᠬᠦ ᠴᠡᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠥᠷᠨᠢᠭᠦᠯᠵᠦ᠂ ᠤᠬᠠᠭᠤᠯᠭ᠎ᠠ᠂ ᠰᠤᠷᠭᠠᠨ ᠬᠥᠮᠦᠵᠢᠯ ᠤᠨ ᠠᠭᠤᠷ ᠠᠮᠢᠰᠬᠤᠯ ᠭᠦᠨ ᠵᠤᠵᠠᠭᠠᠨ ᠪᠠᠶᠢᠨ᠎ᠠ ᠭᠡᠵᠦ ᠢᠯᠡᠳᠬᠡᠵᠡᠭᠡᠪᠡ᠃ ᠵᠠᠯᠭᠠᠭᠠᠳ ᠡᠯ᠎ᠡ ᠵᠢᠱᠢᠶ᠎ᠡ ᠦᠵᠡᠭᠦᠯᠬᠦ ᠴᠡᠭ ᠨᠢ ᠦᠷᠭᠦᠯᠵᠢᠯᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠵᠤ᠂ ᠠᠵᠢᠯ ᠤᠨ ᠰᠡᠳᠬᠢᠴᠡ ᠪᠠᠨ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠡᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠪᠠᠶᠢᠬᠤ ᠳᠡᠭᠡᠷ᠎ᠡ ᠬᠦᠴᠦ ᠲᠠᠯᠪᠢᠵᠤ᠂ ᠠᠷᠭ᠎ᠠ ᠤᠬᠠᠭᠠᠨ ᠭᠠᠷᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃ ᠬᠤᠰᠢᠭᠤᠨ ᠤ ᠤᠳᠤᠷᠢᠳᠤᠯᠭ᠎ᠠ ᠵᠢᠶᠠᠩ ᠪᠧᠢ ᠫᠢᠩ ᠲᠣᠭᠤᠷᠢᠨ ᠦᠵᠡᠬᠦ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号