ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠭᠰᠠᠨ ᠰᠤᠷᠤᠭᠴᠢᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠢᠳᠡᠪᠬᠢᠲᠡᠢ ᠣᠷᠣᠯᠴᠠᠵᠤ ᠳᠤᠮᠳᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠤᠷᠢᠬᠵᠢᠭᠤᠯᠪᠠ
ᠨᠡᠶᠢᠲᠡᠯᠡᠭᠰᠡᠨ ᠴᠠᠭ᠄
2024/10/18
   ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠭᠰᠠᠨ ᠰᠤᠷᠤᠭᠴᠢᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠴᠠᠶ᠃   ᠰᠢ ᠶᠢᠨ ᠫᠢᠩ᠂ ᠲᠠ ᠨᠠᠷ ᠤᠷᠤᠯᠳᠤᠭᠠᠨ ᠢᠶᠠᠷ ᠲᠠᠪᠴᠠᠩ ᠪᠣᠯᠭᠠᠵᠤ᠂ ᠬᠢᠴᠢᠶᠡᠯ ᠤᠨ ᠲᠠᠩᠬᠢᠮ ᠪᠣᠯᠤᠨ ᠲᠤᠷᠰᠢᠯᠲᠠ ᠶᠢᠨ ᠲᠠᠰᠤᠭ ᠲᠤ ᠣᠯᠵᠤ ᠰᠣᠷᠣᠭᠰᠠᠨ ᠮᠡᠳᠡᠯᠭᠡ ᠪᠠᠷ ᠢᠶᠠᠨ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠶᠢ ᠡᠭᠦᠳᠬᠦ ᠦᠢᠯᠡᠳᠦᠯᠭᠡ ᠶᠢᠨ ᠳᠤᠮᠳᠠ ᠡᠷᠳᠡᠮ ᠢᠶᠠᠨ ᠨᠡᠮᠡᠭᠳᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠳᠤᠮᠳᠠ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠨᠥᠬᠦᠷᠯᠡᠯ ᠢ ᠵᠤᠵᠠᠭᠠᠳᠬᠠᠪᠠ᠂ ᠡᠨᠡ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠶᠢ ᠡᠭᠦᠳᠬᠦ ᠪᠣᠯ ᠬᠥᠮᠦᠨ ᠲᠥᠷᠥᠯᠬᠢᠲᠡᠨ ᠤ ᠲᠠᠪᠰᠢᠯᠳᠠ ᠶᠢᠨ ᠡᠬᠢ ᠪᠤᠯᠠᠭ ᠮᠥᠨ᠂ ᠵᠠᠯᠠᠭᠤᠴᠤᠳ ᠪᠣᠯ ᠰᠢᠨ᠎ᠡ ᠶᠢ ᠡᠭᠦᠳᠬᠦ ᠶᠢᠨ ᠴᠢᠬᠤᠯᠠ ᠰᠢᠨ᠎ᠡ ᠬᠦᠴᠦᠨ ᠮᠥᠨ᠃ ᠲᠠ ᠨᠠᠷ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠢᠳᠡᠪᠬᠢᠲᠡᠢ ᠣᠷᠣᠯᠴᠠᠵᠤ᠂ ᠳᠤᠮᠳᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠨᠡᠶᠢᠭᠡᠮ ᠳᠠᠶᠠᠭᠠᠷ ᠢᠶᠠᠨ ᠵᠠᠯᠠᠭᠤᠴᠤᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠬᠠᠯᠠᠮᠵᠢᠯᠠᠵᠤ᠂ ᠰᠢᠨ᠎ᠡ ᠶᠢ ᠡᠭᠦᠳᠬᠦ ᠪᠠ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠷᠭᠡᠨ ᠠᠭᠤᠳᠠᠮ ᠣᠷᠣᠨ ᠵᠠᠢ ᠳᠤ ᠠᠪᠢᠶᠠᠰ ᠴᠢᠳᠠᠪᠤᠷᠢ ᠪᠠᠨ ᠨᠡᠩ ᠰᠠᠶᠢᠨ ᠢᠯᠡᠷᠡᠭᠦᠯᠬᠦ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃   ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠢ ᠰᠤᠷᠭᠠᠨ ᠬᠥᠮᠦᠵᠢᠯ ᠤᠨ ᠶᠠᠮᠤᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠭᠤᠤᠯᠯᠠᠨ ᠡᠷᠭᠢᠯᠡᠵᠦ᠂ ᠳᠤᠮᠳᠠᠳᠤ ᠭᠠᠳᠠᠭᠠᠳᠤ ᠶᠢᠨ ᠤᠶᠤᠲᠠᠳ ᠤᠨ ᠰᠢᠨ᠎ᠡ ᠶᠢ ᠡᠭᠦᠳᠴᠤ ᠦᠢᠯᠡᠰ ᠪᠤᠰᠬᠠᠬᠤ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ ᠳᠤ ᠲᠠᠪᠴᠠᠩ ᠬᠠᠩᠭᠠᠬᠤ ᠪᠠᠷ ᠵᠣᠷᠢᠯᠭ᠎ᠠ ᠪᠣᠯᠭᠠᠵᠠᠶ᠃ ᠡᠨᠡ ᠵᠢᠯ ᠤᠨ ᠶᠡᠭᠡ ᠤᠷᠤᠯᠳᠤᠭᠠᠨ ᠳᠤ ᠨᠡᠶᠢᠲᠡ 153 ᠤᠯᠤᠰ ᠪᠠ ᠭᠠᠵᠠᠷ ᠣᠷᠣᠨ ᠤ 2000 ᠭᠠᠷᠤᠶ ᠲᠦᠮᠡᠨ ᠣᠶᠤᠲᠠᠨ ᠣᠷᠣᠯᠴᠠᠵᠤ᠂ ᠡᠭᠦᠨ ᠳᠤ ᠣᠯᠠᠨ ᠤᠯᠤᠰ ᠤᠨ ᠰᠤᠷᠤᠭᠴᠢ 4 ᠲᠦᠮᠡ ᠰᠢᠬᠠᠮ ᠪᠠᠶᠢᠵᠤ᠂ ᠶᠡᠷᠦᠩᠬᠡᠶ ᠰᠢᠢᠳᠪᠦᠷᠢᠲᠦ ᠤᠷᠤᠯᠳᠤᠭᠠᠨ ᠱᠠᠩᠬᠠᠢ ᠳᠤ ᠶᠠᠪᠤᠭᠳᠠᠵᠠᠶ᠃ ᠤᠢᠢᠷ᠎ᠠ ᠳᠤ᠂ ᠤᠷᠤᠯᠳᠤᠭᠠᠨ ᠳᠤ ᠣᠷᠣᠯᠴᠠᠭᠰᠠᠨ ᠰᠤᠷᠤᠬᠴᠢ ᠶᠢᠨ 25 ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠤᠯᠳᠤᠭᠠᠨ ᠳᠤ ᠣᠷᠣᠯᠴᠠᠭᠰᠠᠨ ᠣᠯᠤᠯᠲᠠ ᠲᠦᠷᠦᠭᠳᠡᠯ ᠢᠶᠠᠨ ᠬᠠᠷᠢᠭᠤ ᠮᠡᠳᠡᠭᠦᠯᠵᠦ᠂ ᠰᠢᠨ᠎ᠡ ᠶᠢ ᠡᠭᠦᠳᠬᠦ ᠦᠢᠯᠡᠳᠦᠯᠭᠡ ᠳᠤ ᠣᠷᠣᠯᠴᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠬᠦ ᠵᠣᠷᠢᠭ ᠢᠶᠠᠨ ᠢᠯᠡᠳᠭᠡᠵᠡᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号