ᠯᠢ ᠴᠢᠶᠠᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠤᠯᠤᠰ ᠤᠳ ᠤᠨ ᠵᠠᠰᠠᠭ ᠤᠨ ᠣᠷᠳᠣᠨ ᠤ ᠲᠡᠷᠢᠭᠦᠨ ᠨᠠᠷ ︵ᠶᠡᠷᠦᠩᠬᠡᠢ ᠰᠠᠶᠢᠳ︶ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯᠳᠤᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/10/18
    ᠲᠤᠬᠠᠢ ᠶᠢᠨ ᠭᠠᠵᠠᠷ ᠤᠨ ᠴᠠᠭ ᠢᠶᠠᠷ 10 ᠳ᠋ᠤᠭᠠᠷ ᠰᠠᠷ᠎ᠠ ᠶᠢᠨ 16 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠢᠰᠯᠠᠮᠠᠪᠠᠳ᠋ ᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠢᠭᠤᠯᠤᠯᠲᠠ ᠶᠢᠨ ᠭᠡᠰᠢᠭᠦᠨ ᠤᠯᠤᠰ ᠤᠨ ᠵᠠᠰᠠᠭ ᠤᠨ ᠣᠷᠳᠣᠨ ᠤ ᠲᠡᠷᠢᠭᠦᠨ ᠨᠠᠷ ︵ᠶᠡᠷᠦᠩᠬᠡᠢ ᠰᠠᠶᠢᠳ︶ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯᠳᠤᠭᠠᠨ ᠳᠤ ᠣᠷᠣᠯᠴᠠᠪᠠ᠃ ᠪᠧᠯᠣᠷᠦ᠋ᠰ ᠤᠨ ᠶᠡᠷᠦᠩᠬᠡᠢ ᠰᠠᠶᠢᠳ ᠭᠤᠯᠣᠸ᠋ᠴᠧᠨᠺᠤ᠂ ᠺᠠᠽᠠᠭᠰᠲ᠋ᠠᠨ ᠤ ᠶᠡᠷᠦᠩᠬᠡᠢ ᠰᠠᠶᠢᠳ ᠪᠧᠺᠲ᠋ᠧᠨᠣᠸ᠋᠂ ᠺᠢᠷᠬᠢᠽᠰᠲ᠋ᠠᠨ ᠤ ᠶᠡᠷᠦᠩᠬᠡᠢ ᠰᠠᠶᠢᠳ ᠵᠠᠫᠠᠷᠣᠸ᠋᠂ ᠤᠷᠤᠰ ᠤᠨ ᠶᠡᠷᠦᠩᠬᠡᠢ ᠰᠠᠶᠢᠳ ᠮᠢᠱᠦᠰᠲ᠋ᠢᠨ᠂ ᠲᠠᠵᠢᠺᠰᠲ᠋ᠠᠨ ᠤ ᠶᠡᠷᠦᠩᠬᠡᠢ ᠰᠠᠶᠢᠳ ᠷᠠᠰᠦ᠋ᠯᠽᠣᠳᠠ᠂ ᠦᠽᠪᠧᠺᠰᠲ᠋ᠠᠨ ᠤ ᠶᠡᠷᠦᠩᠬᠡᠢ ᠰᠠᠶᠢᠳ ᠠᠷᠢᠫᠣᠸ᠋᠂ ᠡᠨᠡᠳᠬᠡᠭ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠰᠦᠪᠷᠠᠾᠮᠠᠨᠶᠠᠮ᠂ ᠢᠷᠠᠨ ᠤ ᠠᠵᠤ ᠦᠢᠯᠡᠳᠪᠦᠷᠢ ᠠᠭᠤᠷᠬᠠᠢ ᠶᠢᠨ ᠦᠢᠯᠡᠰ ᠪᠠ ᠠᠷᠠᠯᠵᠢᠶᠠᠨ ᠤ ᠶᠠᠮᠤᠨ ᠤ ᠰᠠᠶᠢᠳ ᠠᠲ᠋ᠠᠪᠠᠺ ᠵᠢᠴᠢ ᠠᠵᠢᠭᠯᠠᠭᠴᠢ ᠤᠯᠤᠰ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ᠂ ᠲᠣᠰ ᠬᠤᠷᠠᠯ ᠢ ᠡᠷᠬᠢᠯᠡᠭᠰᠡᠨ ᠤᠯᠤᠰ ᠤᠨ ᠵᠤᠴᠢᠨ ᠲᠦᠷᠺᠮᠧᠨᠰᠲ᠋ᠠᠨ ᠤ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠮᠧᠷᠧᠳᠣᠸ᠋ ᠬᠤᠷᠠᠯ ᠳᠤ ᠣᠷᠣᠯᠴᠠᠵᠤ᠂ ᠫᠠᠺᠢᠰᠲ᠋ᠠᠨ ᠤ ᠶᠡᠷᠦᠩᠬᠡᠢ ᠰᠠᠶᠢᠳ ᠱᠠᠾᠪᠠᠽ ᠲᠣᠰ ᠬᠤᠷᠠᠯ ᠢ ᠡᠷᠬᠢᠯᠡᠪᠡ᠃    ᠯᠢ ᠴᠢᠶᠠᠩ ᠢᠯᠡᠷᠬᠡᠶᠢᠯᠡᠬᠦ ᠳᠤ ᠪᠠᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠡᠯ᠎ᠡ ᠤᠯᠤᠰ ᠤᠨ ᠬᠥᠭᠵᠢᠯ ᠴᠡᠴᠡᠭᠯᠡᠯ ᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠃ ᠡᠨᠡ ᠵᠢᠯ ᠤᠨ 7 ᠳ᠋ᠤᠭᠠᠷ ᠰᠠᠷ᠎ᠠ ᠶᠢᠨ ᠠᠰᠲ᠋ᠠᠨᠠ ᠳᠠᠬᠢ ᠲᠦᠷᠦᠭᠦᠴᠦᠳ ᠤᠨ ᠬᠤᠷᠠᠯ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠡᠯ᠎ᠡ ᠭᠡᠰᠢᠭᠦᠨ ᠤᠯᠤᠰ ᠤᠳ ᠤᠨ ᠤᠳᠤᠷᠢᠳᠬᠤ ᠬᠥᠮᠦᠰ ᠯᠦᠭᠡ ᠭᠠᠷ ᠬᠤᠯᠪᠣᠨ ᠪᠦᠯᠬᠦᠮᠳᠡᠨ ᠢᠲᠡᠭᠡᠯᠴᠡᠬᠦ᠂ ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠨ ᠬᠥᠭᠵᠢᠭᠰᠡᠨ᠂ ᠡᠶᠡᠯᠳᠡᠭ ᠨᠥᠬᠦᠷᠰᠡᠭ ᠬᠥᠷᠰᠢ᠂ ᠲᠥᠪ ᠭᠤᠣᠯᠴᠢ ᠰᠢᠳᠤᠷᠭᠤ ᠶᠣᠰᠣ ᠲᠠᠢ ᠪᠠᠶᠢᠬᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠡᠶᠢᠮᠦᠷᠬᠦᠦ ᠬᠠᠮᠲᠤ ᠶᠢᠨ ᠭᠡᠷ ᠣᠷᠣᠨ ᠢ ᠪᠦᠳᠦᠭᠡᠨ ᠪᠠᠶᠢᠭᠤᠯᠬᠤ ᠳᠤ ᠨᠡᠩ ᠪᠠᠲᠤ ᠪᠠᠬᠢ ᠤᠯᠤᠰ ᠲᠦᠷᠦ ᠶᠢᠨ ᠰᠠᠭᠤᠷᠢ᠂ ᠨᠡᠩ ᠨᠠᠶᠢᠳᠠᠪᠤᠷᠢᠲᠠᠢ ᠠᠮᠤᠷ ᠲᠦᠪᠰᠢᠨ ᠤ ᠪᠠᠲᠤᠯᠠᠭ᠎ᠠ᠂ ᠨᠡᠩ ᠨᠢᠭᠲᠠ ᠠᠵᠤ ᠠᠬᠤᠢ ᠶᠢᠨ ᠬᠤᠯᠪᠣᠭᠠᠰᠤ᠂ ᠨᠡᠩ ᠭᠦᠨ ᠵᠤᠵᠠᠭᠠᠨ ᠰᠡᠳᠬᠢᠯᠭᠡ ᠶᠢᠨ ᠵᠠᠩᠭᠢᠶ᠎ᠠ᠂ ᠨᠡᠩ ᠵᠣᠬᠢᠴᠠᠩᠭᠤᠢ ᠤᠯᠠᠨ ᠲᠠᠯᠠᠲᠤ ᠬᠠᠮᠲᠤᠷᠠᠯᠴᠠᠭ᠎ᠠ ᠪᠠᠶᠢᠬᠤ ᠬᠡᠷᠡᠭᠲᠡᠢ ᠭᠡᠵᠡᠢ᠃    ᠯᠢ ᠴᠢᠶᠠᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠤᠯᠤᠰ ᠤᠨ ᠲᠡᠷᠢᠭᠦᠨ ᠨᠠᠷ ᠤᠨ ᠬᠠᠮᠲᠤ ᠶᠢᠨ ᠲᠠᠨᠢᠯᠲᠠ ᠶᠢ ᠪᠦᠲᠦᠮᠵᠢᠲᠡᠶ ᠠᠵᠢᠯᠯᠠᠭ᠎ᠠ ᠪᠣᠯᠭᠠᠵᠤ᠂ ︽ᠬᠠᠮᠲᠤ ᠶᠢᠨ ᠭᠡᠷ ᠣᠷᠣᠨ ᠤ ᠲᠤᠬᠠᠢ ᠲᠠᠪᠤᠨ ᠲᠠᠯ᠎ᠠ ᠶᠢᠨ ᠲᠠᠨᠢᠯᠲᠠ︾ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ᠃ ᠯᠢ ᠴᠢᠶᠠᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠲᠦᠷᠪᠡᠨ ᠰᠠᠨᠠᠭᠤᠯᠭ᠎ᠠ ᠳᠤᠷᠠᠳᠪᠠ᠄ ᠨᠢᠭᠡ ᠳᠤ᠂ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠨ᠎ᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠳᠠᠷᠠᠭᠠᠴᠢ ᠶᠢᠨ ᠠᠷᠪᠠᠨ ᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠠᠶᠢᠲᠤᠷ ᠲᠣᠭᠲᠠᠭᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ︽ᠵᠠᠮ ᠱᠤᠭᠤᠮ ᠤᠨ ᠵᠢᠷᠤᠭ︾ ᠢ ᠰᠠᠶᠢᠲᠤᠷ ᠵᠢᠷᠤᠭᠯᠠᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠶᠠᠷᠢᠯᠴᠠᠭ᠎ᠠ ᠪᠠᠷ ᠵᠥᠷᠢᠯᠳᠦᠭᠡᠨ ᠢᠶᠠᠨ ᠠᠷᠢᠯᠭᠠᠨ᠂ ᠢᠲᠡᠭᠡᠯᠴᠡᠭᠡ ᠪᠠᠨ ᠨᠡᠮᠡᠭᠳᠡᠭᠦᠯᠦᠨ᠎ᠡ᠃ ᠬᠤᠶᠠᠷ ᠲᠤ᠂ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠨ᠎ᠡ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ᠂ ᠳ᠋ᠢᠭᠢᠲ᠋ᠠᠯ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠠᠷᠠᠯᠵᠢᠶ᠎ᠠ ᠪᠡᠯᠡ ᠣᠷᠣᠭᠤᠯᠤᠯᠲᠠ ᠶᠢᠨ ᠳᠥᠭᠦᠮᠴᠢᠯᠡᠯᠲᠡ ᠪᠠ ᠬᠤᠯᠪᠣᠯᠳᠤᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠤᠷᠤᠭᠰᠢᠲᠠᠢ ᠨᠡᠪᠲᠡᠷᠡᠬᠦ ᠶᠢ ᠬᠠᠮᠠᠭᠠᠯᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠭᠡᠭᠡᠯᠲᠡ ᠶᠢᠨ ᠪᠠᠩᠬᠢ ᠶᠢ ᠢᠳᠡᠪᠬᠢᠲᠡᠢ ᠪᠠᠷ ᠪᠡᠯᠡᠳᠬᠡᠨ ᠪᠠᠶᠢᠭᠤᠯᠤᠨ᠎ᠠ᠃ ᠭᠤᠷᠪᠠ ᠳᠤ᠂ ᠭᠤᠤᠯ ᠪᠣᠯᠬᠤ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠶ ᠠᠷᠭᠠᠴᠠᠭᠠᠨ᠎ᠠ᠃ ᠬᠤᠯᠪᠣᠭᠠᠯᠠᠭᠰᠠᠨ ᠠᠵᠢᠯᠯᠠᠭ᠎ᠠ ᠪᠠᠨ ᠴᠢᠩᠭᠠᠳᠬᠠᠨ᠂ ︽ᠭᠤᠷᠪᠠᠨ ᠵᠦᠢᠯ ᠤᠨ ᠰᠥᠷᠭᠡᠦ ᠬᠦᠴᠦᠨ︾ ᠳᠤ ᠴᠣᠬᠢᠯᠲᠠ ᠥᠭᠴᠦ᠂ ᠠᠮᠤᠷ ᠲᠦᠪᠰᠢᠨ ᠳᠤ ᠰᠦᠷᠳᠡᠭᠦᠯᠦᠯ ᠤᠴᠠᠷᠠᠭᠤᠯᠬᠤ ᠪᠠ ᠥᠷᠢᠰᠥᠯᠳᠦᠭᠡᠨ ᠢ ᠠᠷᠭᠠᠴᠠᠭᠠᠬᠤ ᠶᠡᠷᠦᠩᠬᠡᠶᠢᠯᠡᠭᠰᠡᠨ ᠲᠥᠪ᠂ ᠬᠤᠤᠷ ᠴᠠᠭᠠᠵᠠᠯᠠᠬᠤ ᠲᠥᠪ ᠵᠡᠷᠭᠡ ᠶᠢ ᠰᠢᠮᠳᠠᠭᠤᠯᠤᠨ ᠪᠠᠶᠢᠭᠤᠯᠤᠨ᠎ᠠ᠃ ᠲᠦᠷᠪᠡ ᠳᠤ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠦᠨ ᠬᠥᠮᠦᠰ ᠤᠨ ᠶᠠᠪᠤᠯᠴᠠᠭ᠎ᠠ ᠶᠢ ᠥᠷᠭᠡᠳᠬᠡᠨ᠎ᠡ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠨᠥᠬᠦᠷᠰᠡᠭ ᠬᠥᠷᠰᠢ ᠶᠢᠨ ᠬᠠᠮᠲᠤᠷᠠᠯᠴᠠᠭᠠᠨ ᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠳ᠋ᠢᠭᠢᠲ᠋ᠠᠯ ᠰᠤᠷᠭᠠᠨ ᠬᠥᠮᠦᠵᠢᠯ ᠤᠨ ᠬᠤᠯᠪᠣᠭ᠎ᠠ ᠶᠢ ᠰᠠᠶᠢᠲᠤᠷ ᠪᠠᠶᠢᠭᠤᠯᠵᠤ᠂ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ ᠶᠠᠷᠢᠶᠠᠨ ᠤ ᠲᠠᠪᠴᠠᠩ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠷᠠᠳ ᠤᠨ ᠬᠤᠭᠤᠷᠣᠨᠳᠣᠬᠢ ᠨᠥᠬᠦᠷᠰᠡᠭ ᠦᠢᠯᠡᠰ ᠢ ᠤᠯᠠᠮᠵᠢᠯᠠᠨ ᠬᠥᠭᠵᠢᠭᠦᠯᠦᠨ᠎ᠡ ᠭᠡᠵᠡᠢ᠃    ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠢᠯᠡᠷᠬᠡᠶᠢᠯᠡᠬᠦ ᠳᠤ ᠪᠠᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠤᠯᠤᠰ ᠤᠳ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠷᠢᠮᠲᠠᠯᠠᠵᠤ᠂ ᠬᠠᠷᠢᠯᠴᠠᠨ ᠬᠦᠨᠳᠦᠳᠬᠡᠵᠦ ᠢᠲᠡᠭᠡᠯᠴᠡᠬᠦ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠡᠶᠡᠯᠳᠡᠭ ᠨᠥᠬᠦᠷᠰᠡᠭ ᠬᠥᠷᠰᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠤᠭᠴᠠᠵᠢᠯᠳᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ ᠪᠠ ᠬᠥᠭᠵᠢᠯᠲᠡ ᠶᠢ ᠬᠦᠴᠦᠲᠡᠢ ᠠᠬᠢᠭᠤᠯᠪᠠ᠃ ᠣᠯᠠᠨ ᠤᠯᠤᠰ ᠤᠨ ᠨᠠᠷᠢᠨ ᠪᠤᠳᠤᠯᠢᠶᠠᠨᠲᠠᠢ ᠣᠷᠴᠢᠨ ᠲᠣᠭᠤᠷᠢᠨ ᠤ ᠡᠮᠦᠨ᠎ᠡ᠂ ᠡᠯ᠎ᠡ ᠲᠠᠯ᠎ᠠ ᠶᠢᠨ ᠬᠢᠨ ᠠᠰᠲ᠋ᠠᠨᠠ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠨᠢᠭᠲᠠ ᠪᠦᠯᠬᠦᠮᠳᠡᠨ ᠬᠠᠮᠵᠢᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢ ᠧᠦ᠋ᠷᠣᠫᠠ ᠠᠽᠢᠶ᠎ᠠ ᠶᠢᠨ ᠠᠵᠤ ᠠᠬᠤᠶ ᠶᠢᠨ ᠬᠤᠯᠪᠣᠭ᠎ᠠ ᠯᠤᠭ᠎ᠠ ᠵᠣᠯᠭᠠᠯᠳᠤᠭᠤᠯᠬᠤ ᠶᠢ ᠴᠢᠩᠭᠠᠳᠬᠠᠵᠤ᠂ ᠠᠵᠤ ᠠᠬᠤᠶ ᠠᠷᠠᠯᠵᠢᠶ᠎ᠠ᠂ ᠠᠮᠤᠷ ᠲᠦᠪᠰᠢᠨ᠂ ᠬᠤᠯᠪᠣᠯᠳᠤᠨ ᠨᠡᠪᠲᠡᠷᠡᠯᠴᠡᠬᠦ᠂ ᠡᠨᠧᠷᠭᠢ᠂ ᠮᠥᠩᠭᠦᠨ ᠭᠦᠢᠯᠭᠡᠭᠡ᠂ ᠪᠣᠬᠢᠷᠲᠤᠯ ᠥᠬᠡᠶ ᠬᠥᠭᠵᠢᠯᠲᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠮᠥᠨ ᠰᠣᠶᠣᠯ ᠤᠨ ᠬᠤᠯᠪᠣᠭᠠᠰᠤ ᠶᠢ ᠴᠢᠩᠭᠠᠯᠠᠵᠤ᠂ ᠵᠢᠩᠬᠢᠨᠢ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠣᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠭᠠᠵᠠᠷ ᠣᠷᠣᠨ ᠤ ᠪᠠ ᠳᠡᠯᠡᠬᠡᠶ ᠶᠢᠨ ᠥᠨᠢ ᠤᠳᠠᠭᠠᠨ ᠡᠩᠬᠡ ᠲᠠᠶᠢᠪᠤᠩ ᠬᠢᠭᠡᠳ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠶ ᠭᠡᠵᠡᠢ᠃    ᠯᠢ ᠴᠢᠶᠠᠩ ᠲᠣᠰ ᠬᠤᠷᠠᠯ ᠳᠤ ᠣᠷᠣᠯᠴᠠᠭᠰᠠᠨ ᠭᠡᠰᠢᠭᠦᠨ ᠤᠯᠤᠰ ᠤᠳ ᠤᠨ ᠤᠳᠤᠷᠢᠳᠬᠤ ᠬᠥᠮᠦᠰ ᠯᠦᠭᠡ ᠭᠠᠷ ᠤᠨ ᠦᠰᠦᠭ ᠵᠢᠷᠤᠭᠰᠠᠨ ᠪᠥᠭᠡᠳ ᠬᠠᠮᠲᠤᠷᠠᠭᠰᠠᠨ ᠠᠯᠪᠠᠨ ᠮᠡᠳᠡᠭᠡ ᠶᠢ ᠨᠡᠶᠢᠲᠡᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠬᠤᠯᠪᠣᠭᠳᠠᠯ ᠪᠦᠬᠦᠢ ᠰᠢᠢᠳᠪᠦᠷᠢ ᠶᠢ ᠵᠥᠪᠰᠢᠶᠡᠷᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号