ᠰᠢ ᠶᠢᠨ ᠫᠢᠩ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠬᠦ ᠤᠯᠤᠰ ᠤᠨ ᠵᠦᠪᠯᠡᠯ ᠤᠨ 2024 ᠣᠨ ᠤ ᠱᠠᠩᠨᠠᠯ ᠣᠯᠭᠤᠬᠤ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/10/18
   10 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠬᠦ ᠤᠯᠤᠰ ᠤᠨ ᠵᠦᠪᠯᠡᠯ ᠤᠨ 2024 ᠣᠨ ᠤ ᠱᠠᠩᠨᠠᠯ ᠣᠯᠭᠤᠬᠤ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠪᠡ᠃   ᠰᠢ ᠶᠢᠨ ᠫᠢᠩ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠬᠦ ᠤᠯᠤᠰ ᠤᠨ ᠵᠦᠪᠯᠡᠯ ᠤᠨ ᠳᠤᠮᠳᠠᠳᠤ ᠠᠮᠧᠷᠢᠺᠠ ᠶᠢᠨ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠥᠬᠦᠷᠡᠰᠢ ᠦᠭᠡᠢ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠭᠡᠵᠦ᠂ ᠸᠢᠯᠢᠶᠠᠮ · ᠹᠦᠲ ᠤᠨ ᠱᠠᠩᠨᠠᠯ ᠬᠦᠷᠳᠡᠭᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃   ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠢᠢᠨ ᠨᠢᠭᠡ ᠪᠣᠯᠤᠨ᠎ᠠ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠪᠣᠯᠤᠨ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠃ ᠳᠤᠮᠳᠠᠳᠤ ᠤᠯᠤᠰ ᠢᠮᠠᠭᠲᠠ ᠬᠠᠷᠢᠯᠴᠠᠨ ᠬᠦᠨᠳᠦᠳᠭᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠠᠷᠴᠢᠮ ᠶᠤᠰᠤᠭᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠵᠦ᠂ ᠢᠮᠠᠭᠲᠠ ᠳᠤᠮᠳᠠᠳᠤ ᠠᠮᠧᠷᠢᠺᠠ ᠶᠢᠨ ᠦᠪᠡᠷ ᠦᠪᠡᠷ ᠤᠨ ᠤᠯᠤᠭᠰᠠᠨ ᠠᠮᠵᠢᠯᠲᠠ ᠪᠣᠯ ᠲᠤᠰ ᠲᠤᠰ ᠤᠨ ᠠᠵᠠ ᠲᠣᠬᠢᠶᠠᠯ ᠮᠥᠨ᠂ ᠬᠤᠶᠠᠷ ᠤᠯᠤᠰ ᠨᠦᠬᠦᠬᠡ ᠲᠠᠯ᠎ᠠ ᠶᠢᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠬᠦ ᠠᠴᠠ ᠪᠢᠰᠢ ᠬᠠᠷᠢᠨ ᠬᠠᠷᠰᠢ ᠰᠠᠭᠠᠳ ᠤᠴᠠᠷᠠᠭᠤᠯᠬᠤ ᠦᠭᠡᠢ ᠪᠤᠯ ᠵᠤᠬᠢᠨ᠎ᠠ ᠭᠡᠵᠦ ᠦᠵᠡᠨ᠎ᠡ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ ᠬᠠᠨᠢᠲᠠᠨ ᠪᠤᠯᠵᠤ᠂ ᠨᠠᠶᠢᠵᠠ ᠪᠣᠯᠤᠨ᠎ᠠ᠃ ᠡᠨᠡ ᠨᠢ ᠬᠤᠶᠠᠷ ᠤᠯᠤᠰ ᠲᠤ ᠪᠤᠶᠠᠨ ᠦᠢᠯᠡᠳᠬᠦ ᠪᠠᠷ ᠪᠠᠷᠠᠬᠤ ᠦᠭᠡᠢ᠂ ᠳᠡᠯᠡᠬᠡᠢ ᠳ᠋ᠠᠬᠢᠨ ᠳᠤ ᠴᠤ ᠠᠰᠢᠭ ᠬᠦᠷᠲᠡᠭᠡᠬᠦ ᠪᠤᠯᠤᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠨᠡᠬᠡᠬᠡᠯᠳᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠢᠯᠡᠳᠭᠡᠮᠵᠢ ᠲᠡᠮᠳᠡᠭ ᠪᠣᠯᠤᠨ᠎ᠠ᠂ ᠳᠤᠮᠳᠠᠳᠤ ᠤᠯᠤᠰ ᠤᠨ ᠨᠡᠬᠡᠬᠡᠯᠳᠡ ᠬᠢᠬᠦ ᠡᠭᠦᠳᠡ ᠶᠠᠪᠤᠬᠤ ᠳᠤᠳᠤᠮ ᠦᠷᠭᠡᠳᠬᠦ ᠪᠣᠯᠤᠨ᠎ᠠ᠃ ᠳᠤᠮᠳᠠᠳᠤ ᠤᠯᠤᠰ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠬᠡᠲᠦ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠪᠠ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠳᠤᠮᠳᠠᠳᠤ ᠠᠮᠧᠷᠢᠺᠠ ᠶᠢᠨ ᠬᠠᠮᠲᠤᠷᠠᠯᠴᠠᠭ᠎ᠠ ᠳᠤ ᠨᠠᠩ ᠣᠯᠠᠨ ᠠᠵᠠ ᠲᠣᠬᠢᠶᠠᠯ ᠣᠯᠭᠤᠨ᠎ᠠ᠃ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠬᠦ ᠤᠯᠤᠰ ᠤᠨ ᠵᠦᠪᠯᠡᠯ ᠪᠣᠯᠤᠨ ᠡᠯ᠎ᠡ ᠡᠲᠡᠭᠡᠳ ᠤᠨ ᠨᠠᠶᠢᠵᠠ ᠨᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠢᠳᠡᠪᠬᠢᠲᠡᠢ ᠣᠷᠣᠯᠴᠠᠬᠤ ᠶᠢᠨ ᠬᠠᠮᠲᠤ ᠡᠭᠦᠨ ᠠᠴᠠ ᠠᠰᠢᠭ ᠬᠦᠷᠲᠡᠵᠦ᠂ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠮᠲᠤ ᠪᠠᠷ ︽ᠰᠠᠨ ᠹᠷᠠᠨᠰᠢᠰᠺᠦ ᠶᠢᠨ ᠬᠦᠰᠡᠯ ᠡᠷᠡᠮᠡᠯᠵᠡᠯ︾ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠲᠤᠰ ᠡᠳᠦᠷ᠂ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠤᠨ ᠪᠠᠰᠠ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠬᠦ ᠤᠯᠤᠰ ᠤᠨ ᠵᠦᠪᠯᠡᠯ ᠤᠨ ᠣᠨ ᠤ ᠱᠠᠩᠨᠠᠯ ᠣᠯᠭᠤᠬᠤ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠪᠡ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 16 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号