ᠠᠯᠲᠠᠨ ᠨᠠᠮᠤᠷ ᠤᠨ ᠠᠷᠪᠠᠨ ᠰᠠᠷ᠎ᠠ ᠳᠤ᠂ ᠲᠤᠲᠤᠷᠭ᠎ᠠ ᠳᠠᠪᠠᠯᠭᠠᠯᠠᠨ ᠮᠢᠷᠠᠯᠵᠠᠨ᠎ᠠ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠱᠢᠭᠤᠨ ᠤ ᠳᠥᠷᠥᠯᠵᠢ ᠪᠠᠯᠭᠠᠰᠤᠨ ᠤ 3.4 ᠲᠦᠮᠡᠨ ᠮᠦ ᠤᠰᠤᠨ ᠲᠤᠲᠤᠷᠭ᠎ᠠ ᠡᠯᠪᠡᠭ ᠬᠤᠷᠢᠶᠠᠯᠲᠠ | ᠣᠯᠬᠤ ᠴᠠᠭ ᠮᠥᠴᠡ ᠶᠢ ᠤᠭᠲᠤᠨ ᠠᠪᠴᠢᠷᠠᠯ᠎ᠠ᠃ ᠠᠯᠲᠠᠨ ᠰᠢᠷᠭᠠᠯ ᠲᠤᠲᠤᠷᠭᠠᠨ ᠲᠦᠷᠦᠭᠦᠦ ᠨᠠᠷᠠᠨ ᠤ ᠬᠤᠷᠴᠠ | ᠭᠡᠷᠡᠯ ᠳᠣᠣᠷ᠎ᠠ ᠲᠣᠯᠣᠭᠠᠢ ᠪᠠᠨ ᠤᠨᠵᠢᠭᠤᠯᠤᠨᠠ᠃ ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠲᠦᠮᠡᠨ | ᠮᠦ ᠲᠤᠲᠤᠷᠭ᠎ᠠ ᠶᠢᠨ ᠲᠠᠷᠢᠶᠠᠨ ᠳᠤ ᠣᠷᠣᠬᠤ ᠳᠤ᠂ ᠨᠢᠳᠦ ᠳᠦᠭᠦᠷᠡᠩ ᠠᠯᠲᠠᠨ ᠰᠢᠷᠭᠠᠯ ᠦᠵᠡᠮᠵᠢ ᠪᠠᠶᠢᠵᠤ᠂ | ᠬᠦᠨᠳᠦ ᠨᠦᠰᠡᠷ ᠲᠤᠲᠤᠷᠭᠠᠨ ᠲᠦᠷᠦᠭᠦᠦ ᠨᠢ ᠨᠠᠷᠠᠨ ᠤ ᠭᠡᠷᠡᠯ ᠳᠣᠣᠷ᠎ᠠ ᠲᠣᠯᠣᠭᠠᠢ ᠪᠠᠨ ᠤᠨᠵᠢᠢᠵᠤ᠂ ᠳᠦᠭᠦᠷᠡᠩ | ᠬᠤᠷᠢᠶᠠᠬᠤ ᠪᠠᠷ ᠪᠠᠶᠢᠯ᠎ᠠ᠂ ᠨᠠᠮᠤᠷ ᠤᠨ ᠰᠠᠯᠬᠢᠨ ᠳᠤ ᠨᠢᠭᠡ ᠦᠶ᠎ᠡ ᠲᠤᠲᠤᠷᠭᠠᠨ ᠦᠨᠦᠷ ᠪᠠᠭᠲᠠᠵᠤ᠂ ᠡᠯᠪᠡᠭ | ᠬᠤᠷᠢᠶᠠᠯᠲᠠ ᠶᠢᠨ ᠦᠨᠦᠷ ᠠᠮᠲᠠ ᠶᠢ ᠠᠪᠴᠢᠷᠠᠵᠤ ᠥᠭᠪᠡ᠃ | ᠱᠤᠸᠠᠩ ᠶᠢᠨ ᠭᠠᠴᠠᠭᠠᠨ ᠤ ᠳ᠋ᠠᠢ ᠹᠦ᠋ ᠬᠦᠢ ᠣᠯᠠᠨ ᠵᠢᠯ ᠤᠰᠤᠨ ᠲᠤᠲᠤᠷᠭ᠎ᠠ ᠲᠠᠷᠢᠭᠰᠠᠨ ᠲᠤᠷᠰᠢᠯᠭ᠎ᠠ ᠲᠠᠢ᠂ | ᠡᠨᠡ ᠦᠶ᠎ᠡ ᠳᠤ ᠲᠡᠷᠡ ᠶᠠᠭ ᠬᠠᠳᠤᠵᠤ ᠬᠤᠷᠢᠶᠠᠬᠤ ᠮᠠᠰᠢᠨ ᠢ ᠵᠢᠯᠣᠭᠤᠳᠤᠨ ᠲᠠᠷᠢᠶᠠᠨ ᠭᠠᠵᠠᠷ ᠳᠠᠭᠠᠨ ᠢᠷᠡᠵᠦ | ᠬᠠᠳᠤᠵᠤ ᠬᠤᠷᠢᠶᠠᠪᠠ᠃ ᠲᠠᠷᠢᠶᠠᠯᠠᠩ ᠤᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠳ᠋ᠠᠢ ᠹᠦ᠋ ᠬᠦᠢ | ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠠᠷᠢᠶᠠᠯᠠᠩ ᠤᠨ ᠮᠡᠷᠭᠡᠵᠢᠯ ᠤᠨ ᠲᠠᠰᠤᠷᠠᠯᠲᠠ ᠦᠭᠡᠢ ᠳᠠᠪᠰᠢᠯᠲᠠ ᠪᠠ | ᠮᠠᠰᠢᠨᠴᠢᠯᠠᠯᠲᠠ ᠶᠢ ᠲᠦᠭᠡᠮᠡᠯᠵᠢᠭᠦᠯᠬᠦ ᠶᠢ ᠳᠠᠭᠠᠯᠳᠤᠨ᠂ ᠲᠤᠲᠤᠷᠭᠠᠨ ᠤ ᠲᠠᠷᠢᠶᠠᠴᠢᠨ ᠤ ᠬᠦᠴᠦ ᠬᠥᠳᠡᠯᠮᠦᠷᠢ ᠶᠢ | ᠬᠤᠪᠢᠷᠠᠭᠤᠯᠤᠭᠰᠠᠨ ᠢᠶᠠᠷ ᠪᠠᠷᠠᠬᠤ ᠦᠭᠡᠢ ᠲᠠᠷᠢᠮᠠᠯ ᠤᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠡᠢ᠃ ᠡᠨᠡ ᠵᠢᠯ ᠤᠨ | ᠬᠤᠷᠢᠶᠠᠯᠲᠠ ᠶᠢᠨ ᠲᠤᠬᠠᠢ ᠶᠠᠷᠢᠬᠤ ᠳᠤ᠂ ᠲᠡᠭᠦᠨ ᠤ ᠴᠢᠷᠠᠢ ᠳᠤ ᠪᠣᠷᠣᠭᠵᠢᠭᠤᠨ ᠢᠨᠢᠶᠡᠮᠰᠦᠭᠯᠡᠯ ᠲᠣᠳᠣᠷᠠᠪᠠ᠃ ︽ | ᠪᠢ ᠡᠨᠡ ᠵᠢᠯ 300 ᠮᠦ ᠣᠷᠴᠢᠮ ᠤᠰᠤᠨ ᠲᠤᠲᠤᠷᠭ᠎ᠠ ᠲᠠᠷᠢᠵᠠᠢ᠂ ᠣᠳᠣ ᠶᠠᠭ ᠬᠠᠳᠤᠵᠤ ᠪᠠᠶᠢᠨ᠎ᠠ᠂ | ᠵᠢᠱᠢᠯᠲᠡ ᠪᠠᠷ ᠬᠤᠶᠠᠷ ᠡᠳᠦᠷ ᠪᠣᠯᠪᠠᠯ ᠳᠠᠷᠤᠢ ᠬᠤᠷᠢᠶᠠᠵᠤ ᠳᠠᠭᠤᠰᠤᠨ᠎ᠠ᠂ ᠡᠨᠡ ᠵᠢᠯ ᠤᠨ ᠤᠨᠠᠯᠲᠠ ᠨᠢ ᠵᠢᠯ | ᠪᠦᠷᠢ ᠶᠢᠨ ᠤᠨᠠᠯᠲᠠ ᠲᠠᠢ ᠦᠨᠳᠦᠰᠦᠨ ᠳᠡᠭᠡᠨ ᠪᠠᠷᠤᠭ ᠪᠠᠶᠢᠵᠤ᠂ ᠮᠦ ᠪᠦᠷᠢ ᠶᠢᠨ ᠤᠨᠠᠯᠲᠠ ᠨᠢ 1100 ᠵᠢᠩ ᠠᠴᠠ | 1200 ᠵᠢᠩ ᠣᠷᠴᠢᠮ ᠪᠠᠶᠢᠵᠤ᠂ ᠮᠠᠨ ᠤ ᠠᠮᠤ ᠪᠤᠳᠠᠭ᠎ᠠ ᠬᠤᠳᠠᠯᠳᠤᠬᠤ ᠦᠶ᠎ᠡ ᠳᠤ ᠰᠠᠶᠢᠨ ᠦᠨ᠎ᠡ ᠲᠠᠢ ᠪᠣᠯᠬᠤ ᠶᠢ | ᠬᠦᠰᠡᠵᠦ ᠪᠠᠶᠢᠨ᠎ᠠ︾ ᠭᠡᠵᠦ ᠹᠦ᠋ ᠬᠦᠢ ᠬᠡᠯᠡᠪᠡ᠃ | ᠡᠭᠦᠨ ᠤ ᠬᠠᠮᠲᠤ᠂ ᠳᠥᠷᠥᠯᠵᠢ ᠪᠠᠯᠭᠠᠰᠤᠨ ᠤ ᠺᠣᠤ ᠱᠠᠨ ᠭᠠᠴᠠᠭᠠᠨ ᠤ ᠳ᠋ᠦᠩ ᠱᠢ ᠴᠠᠩ ᠠᠶᠢᠯ ᠤᠨ | ᠲᠠᠷᠢᠶᠠᠨ ᠭᠠᠵᠠᠷ ᠨᠢ ᠠᠳᠠᠯᠢᠬᠠᠨ ᠠᠯᠲᠠᠨ ᠰᠢᠷᠭᠠᠯ ᠳᠠᠯᠠᠢ ᠪᠣᠯᠤᠨ᠎ᠠ᠂ ᠲᠣᠰᠬᠤᠨ ᠤ ᠠᠷᠠᠳ ᠶᠠᠭ ᠤᠰᠤᠨ | ᠲᠤᠲᠤᠷᠭ᠎ᠠ ᠬᠠᠳᠤᠵᠤ ᠬᠤᠷᠢᠶᠠᠬᠤ ᠪᠠᠷ ᠶᠠᠭᠠᠷᠠᠯᠳᠤᠵᠤ᠂ ᠣᠳᠣ 4 ᠵᠢᠯ ᠤᠨ ᠭᠠᠵᠠᠷ ᠰᠢᠷᠣᠢ ᠳᠡᠭᠡᠷ᠎ᠡ ᠬᠠᠶᠠᠭᠳᠠᠵᠤ᠂ | ᠣᠳᠣ ᠭᠠᠵᠠᠷ ᠪᠣᠯᠭᠠᠨ ᠳᠤ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠨ᠎ᠠ᠃ ᠣᠶᠢᠯᠠᠭᠠᠭᠰᠠᠨ ᠢᠶᠠᠷ᠂ ᠺᠣᠤ | ᠱᠠᠨ ᠭᠠᠴᠠᠭᠠᠨ ᠤ ᠵᠡᠭᠦᠨ ᠴᠢᠯᠠᠭᠤᠨ ᠲᠠᠯᠠᠪᠠᠢ ᠶᠢᠨ ᠭᠠᠵᠠᠷ ᠳᠣᠣᠷᠠᠬᠢ ᠤᠰᠤᠨ ᠲᠦᠪᠰᠢᠨ ᠨᠡᠯᠢᠶᠡᠳ ᠥᠨᠳᠥᠷ | ᠪᠠᠶᠢᠵᠤ᠂ ᠭᠠᠩ ᠬᠠᠭᠤᠷᠠᠢ ᠲᠠᠷᠢ᠊ ᠡᠶ᠎ᠡ ᠲᠦᠢᠯ ᠤᠨ ᠠᠮᠠᠷᠬᠠᠨ ᠦᠶᠡᠷ ᠤᠰᠤᠲᠤᠯ ᠳᠤ ᠤᠴᠠᠷᠠᠵᠤ᠂ ᠲᠠᠷᠢᠬᠤ ᠡᠷᠦᠬᠡ | ᠵᠢᠯ ᠲᠤᠷᠰᠢ ᠤᠨᠠᠯᠲᠠ ᠦᠭᠡᠢ ᠪᠣᠯᠵᠠᠢ᠂ ᠡᠶᠢᠮᠦ ᠠᠴᠠ ᠶᠡᠭᠡ ᠬᠡᠪᠴᠢᠶᠡᠨ ᠤ ᠲᠠᠷᠢᠶᠠᠨ ᠭᠠᠵᠠᠷ ᠠᠲᠠᠷᠰᠢᠵᠤ | ᠬᠠᠶᠠᠭᠳᠠᠵᠤ᠂ ᠡᠨᠡ ᠵᠢᠯ ᠺᠣᠣ ᠱᠠᠨ ᠭᠠᠴᠠᠭ᠎ᠠ ᠲᠠᠷᠢᠶᠠᠨ ᠭᠠᠵᠠᠷ ᠠᠲᠠᠷᠰᠢᠭᠰᠠᠨ ᠬᠦᠴᠢᠷᠳᠡᠯ ᠠᠴᠠ | ᠠᠩᠭᠢᠵᠢᠷᠠᠬᠤ ᠶᠢᠨ ᠲᠥᠯᠥᠭᠡ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠪᠡᠯᠡ | ᠮᠥᠩᠭᠦ ᠶᠢ ᠠᠰᠢᠭᠯᠠᠨ 500 ᠭᠠᠷᠤᠢ ᠮᠦ ᠠᠲᠠᠷᠰᠢᠭᠰᠠᠨ ᠲᠠᠷᠢᠶᠠᠨ ᠭᠠᠵᠠᠷ ᠢ ᠰᠢᠯᠵᠢᠭᠦᠯᠦᠨ ᠲᠤᠲᠤᠷᠭ᠎ᠠ | ᠲᠠᠷᠢᠬᠤ ᠶᠢ ᠬᠥᠭᠵᠢᠭᠦᠯᠵᠦ᠂ ᠭᠠᠵᠠᠷ ᠰᠢᠷᠣᠢ ᠶᠢᠨ ᠦᠨ᠎ᠡ ᠥᠷᠲᠡᠭ ᠢ ᠪᠠᠳᠠᠷᠠᠭᠤᠯᠪᠠ᠃ ᠭᠠᠴᠠᠭᠠᠨ ᠤ ᠠᠷᠠᠳ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠬᠦ ᠶᠢᠨ ᠲᠥᠯᠥᠭᠡ᠂ | ᠭᠠᠴᠠᠭᠠᠨ ᠤ ᠤᠰᠤᠨ ᠲᠤᠲᠤᠷᠭ᠎ᠠ ᠶᠢ ᠥᠪᠡᠰᠦᠪᠡᠨ ᠬᠠᠪᠰᠤᠷᠤᠨ ᠬᠤᠷᠢᠶᠠᠵᠤ ᠪᠠᠶᠢᠪᠠ᠃ ︽ᠡᠨᠡ ᠬᠦ ᠲᠤᠲᠤᠷᠭ᠎ᠠ ᠨᠢ | ᠮᠠᠨ ᠤ ᠭᠠᠴᠠᠭᠠᠨ ᠤ ᠬᠠᠮᠲᠤ ᠶᠢᠨ ᠠᠵᠤ ᠠᠬᠤᠢ ᠪᠣᠯᠤᠨ᠎ᠠ᠂ 500 ᠮᠥ ᠰᠢᠬᠠᠮ ᠪᠣᠯᠬᠤ ᠪᠥᠭᠡᠳ ᠡᠯᠪᠡᠭ | ᠬᠤᠷᠢᠶᠠᠯᠲᠠ ᠣᠯᠪᠠᠯ ᠮᠠᠨ ᠤ ᠭᠠᠴᠠᠭ᠎ᠠ ᠪᠣᠯᠤᠨ ᠮᠠᠨ ᠤ ᠠᠷᠠᠳ ᠣᠯᠠᠨ ᠳᠤ ᠪᠦᠷ ᠠᠰᠢᠭᠲᠠᠢ᠂ ᠡᠶᠢᠮᠦ ᠠᠴᠠ ᠪᠢ | ᠥᠨᠥᠳᠦᠷ ᠰᠠᠨᠠᠭᠠᠴᠢᠯᠠᠭ᠎ᠠ ᠠᠴᠠ ᠪᠠᠨ ᠭᠠᠵᠠᠷ ᠬᠤᠷᠢᠶᠠᠵᠤ᠂ ᠪᠠᠰᠠ ᠨᠢᠭᠡ ᠭᠠᠷᠠᠭ ᠣᠷᠴᠢᠮ ᠬᠤᠷᠢᠶᠠᠴᠢᠬᠠᠨᠠ︾ | ᠬᠡᠵᠤ ᠭᠠᠴᠠᠭ᠎ᠠ ᠠᠷᠠᠳ ᠪᠠᠢ ᠯᠢᠨ ᠯᠧ ᠾᠧ ᠬᠡᠯᠡᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ 2024 ᠣᠨ ᠤ ᠤᠰᠤᠨ | ᠲᠤᠲᠤᠷᠭ᠎ᠠ ᠲᠠᠷᠢᠬᠤ ᠲᠠᠯᠠᠪᠠᠢ 3.4 ᠲᠦᠮᠡᠨ ᠮᠦ ᠳᠤ ᠬᠦᠷᠴᠦ᠂ ᠭᠠᠷᠤᠯᠲᠠ ᠨᠢ ᠵᠢᠱᠢᠯᠲᠡ ᠪᠠᠷ 1.8 ᠲᠦᠮᠡᠨ | ᠲᠣᠨ ᠳᠤ ᠬᠦᠷᠴᠦ᠂ ᠣᠳᠣᠬᠠᠨ ᠳᠤ ᠨᠢᠭᠡᠨᠲᠡ ᠪᠦᠬᠦ ᠲᠠᠯ᠎ᠠ ᠪᠠᠷ ᠬᠠᠳᠤᠵᠤ ᠬᠤᠷᠢᠶᠠᠬᠤ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠠᠬᠢᠴᠠ ᠨᠢ ᠬᠠᠭᠠᠰ ᠠᠴᠠ ᠬᠡᠲᠦᠷᠡᠵᠦ᠂ ᠵᠢᠱᠢᠯᠲᠡ ᠪᠠᠷ 10 ᠰᠠᠷ᠎ᠠ ᠶᠢᠨ 25 ᠤ ᠡᠳᠦᠷ ᠪᠦᠬᠦ | ᠪᠠᠯᠭᠠᠰᠤ ᠪᠠᠷ ᠢᠶᠠᠨ ᠬᠠᠳᠤᠵᠤ ᠬᠤᠷᠢᠶᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠪᠣᠯᠤᠨ᠎ᠠ᠃ ᠳᠥᠷᠥᠯᠵᠢ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠡᠦ ᠹᠦ᠋ ᠬᠦᠢ ᠬᠡᠯᠡᠭᠰᠡᠨ ᠨᠢ᠄ ︽ | ᠳᠥᠷᠥᠯᠵᠢ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ ᠡᠯᠪᠡᠭ | ᠬᠤᠷᠢᠶᠠᠯᠲᠠ ᠳᠤ ᠬᠦᠴᠦᠨ ᠨᠡᠮᠡᠷᠢᠯᠡᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠤᠰᠤᠯᠠᠯᠲᠠ ᠶᠢ ᠪᠠᠲᠤᠯᠠᠨ᠎ᠠ︔ ᠲᠠᠷᠢᠶᠠᠯᠠᠩ ᠤᠨ | ᠮᠡᠷᠭᠡᠵᠢᠯ ᠤᠨ ᠠᠵᠢᠯᠲᠠᠨ ᠤ ᠬᠥᠳᠡᠭᠡ ᠪᠠᠭᠤᠵᠤ ᠵᠢᠯᠣᠭᠤᠳᠬᠤ ᠶᠢ ᠢᠳᠡᠪᠬᠢᠲᠡᠢ ᠵᠣᠬᠢᠴᠠᠭᠤᠯᠵᠤ᠂ ᠲᠠᠷᠢᠶᠠᠯᠠᠩ ᠤᠨ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠬᠤ | ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠬᠤᠷᠢᠶᠠᠯᠲᠠ ᠶᠢᠨ ᠦᠶ᠎ᠡ ᠳᠤ ᠪᠣᠷᠣᠯᠠᠭᠤᠯᠭ᠎ᠠ ᠶᠢᠨ ᠠᠷᠭ᠎ᠠ | ᠵᠠᠮ ᠢ ᠢᠳᠡᠪᠬᠢᠲᠡᠢ ᠥᠷᠭᠡᠳᠬᠡᠵᠦ᠂ ᠲᠠᠷᠢᠶᠠᠴᠢᠨ ᠡᠷᠦᠬᠡ ᠶᠢᠨ ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠨ᠎ᠡ︾ ᠬᠡᠵᠡᠢ᠃ |