ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ︽ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ | ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠦᠬᠦᠮᠴᠢᠯᠡᠨ᠎ᠠ︶ ᠢ ᠳᠠᠷᠤᠮᠠᠯᠯᠠᠨ ᠲᠠᠷᠬᠠᠭᠠᠵᠤ᠂ | ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠠ᠃ | ︽ᠰᠠᠨᠠᠯ︾ ᠳᠤ᠂ ᠳ᠋ᠣᠺᠲ᠋ᠣᠷᠠᠨᠲ ᠤᠨ ᠰᠤᠷᠭᠠᠨ ᠬᠥᠮᠦᠵᠢᠯ ᠪᠣᠯ ᠤᠯᠤᠰ ᠠᠷᠠᠳ ᠤᠨ ᠰᠤᠷᠭᠠᠨ ᠬᠥᠮᠦᠵᠢᠯ ᠤᠨ | ᠬᠠᠮᠤᠭ ᠤᠨ ᠳᠡᠭᠡᠳᠦ ᠲᠠᠰ ᠳᠠᠪᠬᠤᠷᠭ᠎ᠠ ᠮᠥᠨ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠵᠠᠩᠭᠢᠯᠠᠭ᠎ᠠ ᠶᠢᠨ | ᠲᠤᠯᠭᠠᠭᠤᠷᠢᠯᠠᠯ ᠮᠥᠨ᠃ ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠭᠡᠨ ᠠᠬᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠶᠤᠰᠤ | ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ᠂ ᠦᠢᠯᠡᠴᠢᠯᠡᠭᠡᠨ ᠤ ᠬᠡᠷᠡᠭᠴᠡᠭᠡ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ᠂ ᠨᠡᠭᠡᠭᠡᠯᠲᠡ ᠬᠢᠵᠦ ᠠᠭᠤᠰᠤᠯᠴᠠᠭᠤᠯᠬᠤ ᠶᠢ ᠪᠠᠷᠢᠮᠳᠠᠯᠠᠵᠤ᠂ ᠬᠡᠪᠴᠢᠶ᠎ᠡ ᠪᠠᠨ ᠥᠷᠭᠡᠳᠭᠡᠬᠦ ᠬᠢᠭᠡᠳ | ᠠᠭᠤᠯᠤᠭᠳᠠᠬᠤᠨ ᠤ ᠪᠠᠶᠢᠭᠤᠯᠤᠯᠲᠠ ᠪᠠᠨ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠪᠦ᠋ᠬᠦᠢ᠂ ᠳᠡᠯᠡᠬᠡᠶ ᠶᠢᠨ ᠲᠡᠷᠢᠭᠦᠨ ᠵᠡᠷᠭᠡ ᠶᠢᠨ ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠵᠤ᠂ ᠳᠡᠯᠡᠬᠡᠢ ᠶᠢᠨ ᠴᠢᠬᠤᠯᠠ ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ ᠲᠥᠪ ᠢ ᠲᠦᠷᠭᠡᠳᠭᠡᠨ | ᠪᠠᠶᠢᠭᠤᠯᠵᠤ᠂ ᠬᠠᠷᠠᠯᠲᠠ ᠲᠠᠢ ᠪᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠳᠠᠪᠤᠷᠢᠲᠠᠨ ᠪᠠ ᠪᠠᠴᠢᠮ | ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠵᠦ᠂ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ | ᠰᠢᠨ᠎ᠡ ᠶᠢ ᠡᠭᠦᠳᠬᠦ ᠥᠨᠳᠦᠷᠯᠢᠭ ᠢ ᠪᠦᠲᠦᠭᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ︽ᠰᠠᠨᠠᠯ︾ ᠳᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠤᠷᠢᠳᠠᠴᠢ ᠪᠠᠶᠢᠷᠢᠰᠢᠭᠤᠯᠤᠯᠳᠠ ᠶᠢ | ᠴᠢᠩᠭᠠᠳᠬᠠᠬᠤ ᠬᠡᠷᠡᠭᠲᠡᠶ᠃ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠤᠯᠤᠰ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠴᠤᠤᠷᠢᠶᠠᠳᠤᠬᠤ ᠰᠢᠨᠵᠢᠯᠡᠭᠡᠨ ᠤ ᠰᠠᠯᠠᠭᠠᠨ ᠤ ᠲᠤᠰᠬᠠᠶ | ᠮᠡᠷᠭᠡᠵᠢᠯ ᠤᠨ ᠲᠣᠬᠢᠷᠠᠭᠤᠯᠤᠯᠲᠠ᠂ ᠪᠠᠶᠢᠭᠤᠯᠤᠯᠲᠠ ᠪᠠ ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠵᠢᠴᠢ ᠰᠠᠭᠤᠷᠢ ᠰᠢᠨᠵᠢᠯᠡᠭᠡᠨ ᠤ | ᠰᠠᠯᠠᠭ᠎ᠠ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ᠂ ᠰᠣᠯᠪᠢᠴᠠᠭᠰᠠᠨ ᠰᠢᠨᠵᠢᠯᠡᠭᠡᠨ ᠤ ᠰᠠᠯᠠᠭ᠎ᠠ ᠶᠢᠨ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠳ᠋ᠣᠺᠲ᠋ᠣᠷ ᠤᠨ ᠲᠤᠰᠬᠠᠶ | ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ | ᠵᠠᠩᠭᠢᠯᠠᠭ᠎ᠠ ᠶᠢᠨ ᠬᠦᠷᠢᠶᠡᠨ ᠤ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠲᠦᠷᠭᠡᠳᠭᠡᠵᠦ᠂ | ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ ᠠᠭᠤᠰᠤᠯᠴᠠᠨ ᠬᠥᠭᠵᠢᠬᠦ ᠶᠢ ᠴᠢᠩᠭᠠᠳᠬᠠᠬᠤ ᠬᠡᠷᠡᠭᠲᠡᠢ᠃ ᠬᠥᠮᠦᠵᠢᠭᠦᠯᠬᠦ | ᠶᠠᠪᠤᠴᠠ ᠶᠢᠨ ᠡᠯᠧᠮᠧᠨ᠋ᠲ ᠢ ᠲᠠᠬᠢᠨ ᠴᠣᠭᠴᠠᠯᠠᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ | ᠳᠠᠭᠠᠭᠤᠯᠬᠤ ᠶᠢ ᠴᠢᠩᠭᠠᠳᠬᠠᠵᠤ᠂ ᠰᠣᠷᠣᠭᠴᠢ ᠡᠯᠰᠡᠬᠦ ᠬᠠᠮᠢᠶᠠᠷᠤᠯᠲᠠ ᠶᠢᠨ ᠵᠠᠭᠪᠤᠷ ᠢ ᠥᠭᠡᠷᠡᠴᠢᠯᠡᠵᠦ᠂ | ᠬᠥᠮᠦᠵᠢᠭᠦᠯᠬᠦ ᠶᠠᠪᠤᠴᠠ ᠶᠢ ᠰᠢᠯᠢᠳᠡᠭᠵᠢᠭᠦᠯᠦᠨ᠂ ᠰᠠᠯᠭᠠᠨ ᠭᠠᠷᠭᠠᠬᠤ ᠪᠠ ᠣᠯᠠᠨ ᠲᠠᠯ᠎ᠠ ᠠᠴᠠ ᠰᠣᠩᠭᠤᠬᠤ ᠶᠢ | ᠴᠢᠩᠭᠠᠷᠠᠭᠤᠯᠵᠤ᠂ ᠡᠷᠳᠡᠮ ᠰᠢᠨᠵᠢᠯᠡᠭᠡᠨ ᠤ ᠡᠷᠳᠡᠮ ᠤᠨ ᠴᠣᠯᠠ ᠬᠢᠭᠡᠳ ᠲᠤᠰᠬᠠᠶ ᠮᠡᠷᠭᠡᠵᠢᠯ ᠤᠨ ᠡᠷᠳᠡᠮ ᠤᠨ ᠴᠣᠯᠠ | ᠬᠥᠮᠦᠵᠢᠭᠦᠯᠬᠦ ᠶᠢ ᠲᠥᠷᠥᠯ ᠬᠤᠪᠢᠶᠠᠨ ᠬᠥᠭᠵᠢᠭᠦᠯᠬᠦ᠂ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠥᠨᠳᠥᠷ | ᠲᠦᠪᠰᠢᠨ ᠪᠥᠬᠦᠶ ᠵᠢᠯᠣᠭᠤᠳᠣᠭᠴᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠣᠯᠠᠨ ᠤᠯᠤᠰ ᠤᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠬᠠᠮᠵᠢᠯᠴᠠᠬᠤ ᠲᠣᠭᠲᠠᠴᠠ ᠶᠢ ᠳᠠᠬᠢᠨ | ᠪᠠᠶᠢᠭᠤᠯᠵᠤ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠥᠳᠡᠯᠭᠡᠬᠴᠢ ᠬᠦᠴᠦᠨ ᠢ | ᠬᠥᠭᠵᠢᠭᠡᠵᠦ᠂ ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠬᠦ ᠳᠤ ᠡᠨᠤᠷᠬᠢ ᠤᠯᠭᠤᠵᠤ᠂ ᠰᠤᠷᠭᠠᠨ | ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠬᠢᠭᠡᠳ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ | ᠬᠡᠯᠬᠢᠶ᠎ᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ︽ᠰᠠᠨᠠᠯ︾ ᠳᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠯᠲᠡᠢ | ᠲᠥᠯᠥᠪᠵᠢᠭᠦᠯᠬᠦ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠳ᠋ᠣᠺᠲ᠋ᠣᠷᠠᠨᠲ ᠤᠨ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠲᠣᠭᠲᠠᠭᠤᠨ ᠢᠶᠠᠷ ᠳᠡᠮᠵᠢᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠨᠦᠬᠦᠴᠡᠯ ᠲᠠᠢ ᠭᠠᠵᠡᠷ ᠣᠷᠣᠨ ᠪᠤᠯᠥᠨ ᠬᠦᠮᠦᠵᠢᠬᠦᠯᠬᠦ ᠨᠢᠭᠡᠴᠢ ᠶᠢᠨ ᠣᠷᠢᠳ ᠢᠶᠠᠷ | ᠭᠡᠷᠡᠭᠵᠢᠬᠦᠯᠥᠨ ᠣᠷᠢᠳ ᠢᠶᠠᠷ ᠲᠣᠷᠰᠢᠬᠤ᠂ ᠳᠥᠷᠦᠯ ᠭᠡᠰᠡᠭ ᠪᠦᠯᠥᠭ ᠬᠤᠪᠢᠶᠡᠨ ᠦᠭᠡᠷᠡᠴᠢᠯᠡᠯᠳᠡ ᠶᠢᠨ | ᠲᠣᠷᠰᠢᠯᠳᠡ ᠶᠢᠨ ᠴᠡᠭ ᠢ ᠦᠷᠨᠢᠬᠦᠯᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 20 ᠤ ᠴᠠᠬᠢᠯᠭᠠᠨ ᠮᠡᠳᠡᠭᠡ︶ |