ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠵᠠᠷ ᠳᠠᠷᠢᠶ᠎ᠠ ᠳᠦᠮᠤᠰᠤ ᠪᠠᠨ ᠤᠷᠤᠭᠤᠯᠵᠤ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2024/10/22
    ᠨᠠᠮᠤᠷ ᠤᠷᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠲᠤᠲᠤᠷᠭ᠎ᠠ ᠵᠠᠯᠭᠠᠭ᠎ᠠ ᠪᠠᠷ ᠪᠣᠯᠪᠠᠰᠤᠷᠠᠩᠭᠤᠢ ᠬᠠᠳᠤᠵᠤ ᠬᠤᠷᠢᠶᠠᠬᠤ ᠬᠤᠭᠤᠴᠠᠭᠠᠨ ᠳᠤ ᠣᠷᠣᠵᠤ᠂ ᠲᠣᠰᠬᠤᠨ ᠤ ᠠᠷᠠᠳ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠲᠠᠷᠢᠶᠠᠯᠠᠩ ᠤᠨ ᠮᠠᠰᠢᠨ ᠢ ᠵᠣᠬᠢᠶᠠᠨ ᠪᠠᠶᠢᠭᠤᠯᠤᠨ ᠬᠠᠳᠤᠵᠤ ᠬᠤᠷᠢᠶᠠᠬᠤ ᠠᠵᠢᠯ ᠬᠢᠵᠦ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃    ᠪᠠᠶᠠᠨᠬᠤᠰᠢᠭᠤ ᠪᠠᠯᠭᠠᠰᠤᠨ ᠤ ᠬᠠᠷᠠᠳᠤᠪᠤ ᠭᠠᠴᠠᠭᠠᠨ ᠤ ᠤᠰᠤᠨ ᠲᠤᠲᠤᠷᠭ᠎ᠠ ᠶᠢᠨ ᠲᠠᠷᠢᠶᠠᠨ ᠳᠤ᠂ ᠨᠢᠭᠡ ᠪᠠᠭᠴᠠ ᠠᠯᠲᠠᠨ ᠰᠢᠷᠭᠠᠯ ᠲᠤᠲᠤᠷᠭ᠎ᠠ ᠶᠢᠨ ᠲᠠᠷᠢᠶᠠᠨ ᠲᠦᠷᠦᠭᠦᠦ ᠳᠦᠭᠦᠷᠴᠦ᠂ ᠪᠠᠭ᠎ᠠ ᠰᠠᠯᠬᠢ ᠢᠯᠪᠢᠵᠦ᠂ ᠳᠠᠪᠬᠤᠷ ᠳᠠᠪᠬᠤᠷ ᠲᠤᠲᠤᠷᠭ᠎ᠠ ᠶᠢᠨ ᠳᠠᠪᠠᠯᠭᠠᠨ ᠢ ᠪᠤᠰᠬᠠᠪᠠ᠃ ᠮᠠᠰᠢᠨ ᠤ ᠬᠦᠩᠭᠢᠨᠡᠮ᠎ᠡ ᠳᠠᠭᠤᠨ ᠢ ᠳᠠᠭᠠᠯᠳᠤᠨ᠂ ᠬᠠᠳᠤᠵᠤ ᠬᠤᠷᠢᠶᠠᠬᠤ ᠮᠠᠰᠢᠨ ᠨᠢ ᠲᠤᠲᠤᠷᠭ᠎ᠠ ᠶᠢᠨ ᠲᠠᠷᠢᠶᠠᠨ ᠳᠤ ᠨᠠᠰᠢ ᠴᠠᠰᠢ ᠰᠦᠯᠵᠢᠯᠳᠦᠵᠦ᠂ ᠲᠤᠲᠤᠷᠭ᠎ᠠ ᠬᠠᠳᠤᠬᠤ᠂ ᠮᠥᠯᠢᠬᠦ᠂ ᠡᠰᠬᠡᠬᠦ‍ ᠨᠢᠭᠡ ᠮᠥᠯᠢ ᠶᠢ ᠨᠢ ᠨᠢᠭᠡ ᠮᠥᠬᠦᠯᠢᠭ ᠪᠣᠯᠭᠠᠨ ᠪᠦᠲᠦᠭᠡᠵᠦ᠂ ᠨᠢᠭᠡᠨ ᠠᠯᠲᠠᠨ ᠰᠢᠷᠭᠠᠯ ᠮᠥᠬᠦᠯᠢᠭ ᠨᠢ ᠬᠠᠳᠤᠬᠤ ᠮᠠᠰᠢᠨ ᠠᠴᠠ ᠭᠠᠷᠴᠤ ᠠᠮᠤ ᠪᠤᠳᠠᠭ᠎ᠠ ᠴᠢᠬᠢᠵᠦ ᠴᠢᠳᠬᠤᠭᠰᠠᠨ ᠪᠠᠶᠢᠨ᠎ᠠ᠃ ᠤᠰᠤᠨ ᠲᠤᠲᠤᠷᠭ᠎ᠠ ᠶᠢᠨ ᠮᠥᠬᠦᠯᠢᠭ ᠢ ᠡᠷᠲᠡᠬᠡᠨ ᠬᠥᠮᠥᠷᠭᠡ ᠳᠤ ᠣᠷᠣᠭᠤᠯᠬᠤ ᠶᠢᠨ ᠲᠥᠯᠥᠭᠡ᠂ ᠲᠣᠰᠬᠤᠨ ᠤ ᠠᠷᠠᠳ ᠬᠠᠳᠤᠵᠤ ᠬᠤᠷᠢᠶᠠᠬᠤ ᠮᠠᠰᠢᠨ ᠲᠠᠢ ᠬᠠᠷᠢᠯᠴᠠᠵᠤ ᠬᠠᠳᠤᠵᠤ ᠬᠤᠷᠢᠶᠠᠬᠤ ᠮᠠᠰᠢᠨ ᠲᠠᠢ ᠬᠠᠷᠢᠯᠴᠠᠵᠤ᠂ ᠡᠳᠦᠷ ᠪᠦᠷᠢ ᠳᠥᠷᠪᠡ ᠲᠠᠪᠤ ᠬᠠᠳᠤᠵᠤ ᠬᠤᠷᠢᠶᠠᠬᠤ ᠮᠠᠰᠢᠨ ᠲᠠᠢ ᠲᠠᠷᠢᠶᠠᠨ ᠭᠠᠵᠠᠷ ᠲᠤ ᠶᠠᠭᠠᠷᠠᠯᠲᠠᠢ ᠠᠵᠢᠯᠯᠠᠵᠤ ᠪᠠᠶᠢᠯ᠎ᠠ᠃ ᠡᠯᠪᠡᠭ ᠬᠤᠷᠢᠶᠠᠯᠲᠠ ᠶᠢᠨ ᠤᠰᠤᠨ ᠲᠤᠲᠤᠷᠭ᠎ᠠ ᠶᠢ ᠬᠠᠷᠠᠬᠤ ᠳᠤ᠂ ᠲᠣᠰᠬᠤᠨ ᠤ ᠠᠷᠠᠳ ᠤᠨ ᠪᠠᠶᠠᠷ ᠪᠠᠭ᠋ᠠᠳᠤᠯ ᠪᠢᠯᠬᠠᠨ᠎ᠠ᠃ ᠬᠠᠷᠠᠳᠤᠪᠤ ᠭᠠᠴᠠᠭᠠᠨ ᠤ ᠠᠮᠤ ᠪᠤᠳᠠᠭ᠎ᠠ ᠲᠠᠷᠢᠬᠤ ᠲᠣᠮᠣ ᠡᠷᠦᠬᠡ ᠸᠠᠩ ᠶᠠᠨ ᠡᠨᠡ ᠵᠢᠯ 700 ᠮᠦ ᠴᠢᠨᠠᠷ ᠰᠠᠶᠢᠲᠠᠢ ᠤᠰᠤᠨ ᠲᠤᠲᠤᠷᠭ᠎ᠠ ᠲᠠᠷᠢᠵᠤ᠂ ᠣᠳᠣ ᠨᠢᠭᠡᠨᠲᠡ ᠪᠦᠬᠦ ᠲᠠᠯ᠎ᠠ ᠪᠠᠷ ᠪᠣᠯᠪᠠᠰᠤᠷᠠᠵᠤ᠂ ᠲᠠᠷᠢᠶᠠᠯᠠᠩ ᠤᠨ ᠮᠠᠰᠢᠨ ᠲᠠᠷᠢᠶᠠᠨ ᠳᠤ ᠬᠠᠳᠤᠵᠤ ᠬᠤᠷᠢᠶᠠᠬᠤ ᠪᠠᠷ ᠶᠠᠭᠠᠷᠠᠯᠳᠤᠵᠤ᠂ ᠨᠢᠳᠦᠨ ᠡᠮᠦᠨ᠎ᠡ ᠪᠠᠶᠠᠷᠯᠠᠭᠤᠰᠢᠲᠠᠢ ᠡᠯᠪᠡᠭ ᠬᠤᠷᠢᠶᠠᠯᠲᠠ ᠶᠢᠨ ᠪᠠᠶᠢᠳᠠᠯ ᠲᠡᠭᠦᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ 1200 ᠵᠢᠩ ᠠᠴᠠ ᠳᠡᠭᠡᠭᠰᠢ ᠳᠤ ᠬᠦᠷᠴᠦ ᠪᠠᠶᠢᠨ᠎ᠠ᠃ ᠡᠯᠪᠡᠭ ᠬᠤᠷᠢᠶᠠᠯᠲᠠ ᠶᠢᠨ ᠤᠰᠤᠨ ᠲᠤᠲᠤᠷᠭ᠎ᠠ ᠶᠢ ᠦᠵᠡᠭᠡᠳ ᠸᠠᠩ ᠶᠠᠨ ᠤ ᠪᠠᠶᠠᠷ ᠪᠠᠭ᠋ᠠᠳᠤᠯ ᠦᠭᠡ ᠪᠠᠷ᠄ ︽ᠡᠨᠡ ᠵᠢᠯ ᠤᠨ ᠬᠤᠷᠢᠶᠠᠯᠲᠠ ᠨᠡᠯᠢᠶᠡᠳ ᠰᠠᠶᠢᠨ᠂ ᠨᠠᠮᠤᠷ ᠤᠨ ᠬᠤᠷᠢᠶᠠᠯᠲᠠ ᠬᠡᠳᠦ᠋ᠢᠪᠡᠷ ᠮᠠᠰᠢ ᠶᠠᠭᠠᠷᠠᠤ᠂ ᠮᠠᠰᠢ ᠶᠠᠳᠠᠷᠠᠭᠰᠠᠨ ᠪᠣᠯᠪᠠᠴᠤ ᠡᠯᠪᠡᠭ ᠬᠤᠷᠢᠶᠠᠯᠲᠠ ᠶᠢᠨ ᠠᠮᠤ ᠪᠤᠳᠠᠭ᠎ᠠ ᠢ ᠣᠯᠵᠤ ᠬᠠᠷᠠᠪᠠᠯ᠂ ᠪᠢᠳᠡᠨ ᠤ ᠰᠡᠳᠬᠢᠯ ᠳᠤ ᠪᠠᠰᠠ ᠣᠨᠴᠠᠭᠠᠢ ᠰᠠᠨᠠᠭ᠎ᠠ ᠠᠮᠤᠷ᠂ ᠣᠨᠴᠠᠭᠠᠢ ᠪᠠᠶᠠᠷ ᠪᠠᠭ᠋ᠠᠳᠤᠯ ᠲᠥᠷᠥᠪᠡ︾ ᠭᠡᠵᠡᠢ᠃ ᠤᠳᠠᠯ ᠦᠭᠡᠢ ᠬᠥᠮᠥᠷᠭᠡ ᠳᠤ ᠣᠷᠣᠬᠤ ᠭᠡᠵᠦ ᠪᠠᠶᠢᠭ᠎ᠠ ᠤᠰᠤᠨ ᠲᠤᠲᠤᠷᠭ᠎ᠠ᠃ ᠥᠩᠭᠡ ᠦᠵᠡᠮᠵᠢ ᠵᠢᠷᠤᠭ ᠰᠢᠭ᠋ ᠲᠤᠲᠤᠷᠭᠠᠨ ᠲᠠᠷᠢ᠊ ᠡᠶ᠎ᠡ ᠪᠣᠯ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ︽ᠬᠦᠰᠡᠯᠡᠩ ᠤᠨ ᠲᠠᠷᠢᠶ᠎ᠠ︾ ᠮᠥᠨ᠂ ᠨᠡᠩ ᠴᠤ ᠠᠮᠤ ᠪᠤᠳᠠᠭᠠᠨ ᠤ ᠠᠮᠤᠷ ᠲᠦᠪᠰᠢᠨ ᠢ ᠪᠠᠬᠢᠵᠢᠭᠦᠯᠬᠦ ᠭᠤᠣᠯ ᠳᠠᠶᠢᠨ ᠤ ᠲᠠᠯᠠᠪᠤᠷ ᠮᠥᠨ᠃ ᠬᠠᠷᠠᠳᠤᠪᠤ ᠭᠠᠴᠠᠭᠠᠨ ᠤ ᠲᠠᠷᠢᠶᠠᠨ ᠭᠠᠵᠠᠷ ᠤᠨ ᠣᠯᠠᠩᠬᠢ ᠨᠢ ᠭᠠᠵᠠᠷ ᠤᠨ ᠪᠠᠶᠢᠴᠠ ᠲᠡᠭᠰᠢᠬᠡᠨ᠂ ᠤᠰᠤᠨ ᠰᠤᠷᠪᠤᠯᠵᠢ ᠭᠦᠢᠴᠡᠳ ᠪᠠᠶᠢᠳᠠᠭ ᠠᠴᠠ ᠤᠰᠤᠨ ᠲᠤᠲᠤᠷᠭ᠎ᠠ ᠲᠠᠷᠢᠬᠤ ᠪᠠ ᠲᠠᠷᠢᠶᠠᠯᠠᠩ ᠤᠨ ᠮᠠᠰᠢᠨᠴᠢᠯᠠᠯᠲᠠ ᠪᠠᠷ ᠠᠵᠢᠯᠯᠠᠬᠤ ᠳᠤ ᠮᠠᠰᠢ ᠲᠣᠬᠢᠷᠠᠳᠠᠭ᠂ ᠡᠳᠡᠭᠡᠷ ᠳᠠᠪᠠᠭᠤᠯᠢᠭ ᠨᠥᠬᠦᠴᠡᠯ ᠳᠤ ᠴᠢᠭᠯᠡᠭᠦᠯᠦᠨ᠂ ᠬᠠᠷᠠᠳᠤᠪᠤ ᠭᠠᠴᠠᠭ᠎ᠠ ᠲᠣᠰᠬᠤᠨ ᠤ ᠠᠷᠠᠳ ᠤᠨ ᠮᠠᠰᠢᠨᠴᠢᠯᠠᠯᠲᠠ ᠪᠠᠷ ᠤᠰᠤᠨ ᠲᠤᠲᠤᠷᠭ᠎ᠠ ᠲᠠᠷᠢᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠎ᠠ᠃    ᠣᠶᠢᠯᠠᠭᠠᠭᠰᠠᠨ ᠢᠶᠠᠷ᠂ ᠬᠠᠷᠠᠳᠤᠪᠤ ᠭᠠᠴᠠᠭᠠᠨ ᠤ ᠡᠨᠡ ᠵᠢᠯ 2600 ᠮᠦ ᠤᠰᠤᠨ ᠲᠤᠲᠤᠷᠭ᠎ᠠ ᠲᠠᠷᠢᠵᠤ᠂ ᠶᠡᠷᠦᠩᠬᠡᠢ ᠤᠨᠠᠯᠲᠠ 400 ᠲᠦᠮᠡᠨ ᠵᠢᠩ ᠣᠷᠴᠢᠮ ᠬᠦᠷᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号