ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/22
   ᠣᠯᠠᠨ ᠨᠡᠶᠢᠲᠡ ᠵᠢᠴᠢ ᠵᠠᠰᠠᠭ ᠤᠨ ᠶᠠᠪᠤᠳᠠᠯ ᠤᠨ ᠠᠵᠢᠯᠲᠠᠨ ᠤ ᠰᠦᠯᠵᠢᠶᠡᠨ ᠤ ᠠᠮᠤᠷ ᠲᠦᠪᠰᠢᠨ ᠤ ᠲᠤᠬᠠᠢ ᠲᠠᠨᠢᠯᠲᠠ ᠪᠠ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠮᠠᠨᠳᠤᠯ ᠨᠡᠶᠢᠭᠡᠮ ᠲᠣᠭᠤᠷᠢᠭ ᠪᠠ ᠲᠦᠰᠢᠶᠡᠲᠦ ᠠᠭᠤᠳᠠᠮ ᠲᠠᠯᠠᠪᠠᠢ ᠵᠡᠷᠭᠡ ᠣᠯᠠᠨ ᠣᠷᠣᠨ ᠪᠦᠰᠡ ᠳᠤ ︽ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠪᠠ ᠨᠡᠪᠲᠡᠷᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠷᠭᠦᠯᠵᠢ ᠲᠣᠬᠢᠶᠠᠯᠳᠤᠳᠠᠭ ᠰᠦᠯᠵᠢᠶᠡᠨ ᠤ ᠲᠠᠭᠠᠷᠢᠯᠲᠠ ᠶᠢᠨ ᠲᠥᠷᠥᠯ ᠬᠡᠯᠪᠡᠷᠢ ᠵᠢᠴᠢ ᠰᠡᠷᠭᠡᠶᠢᠯᠡᠯᠲᠡ ᠶᠢᠨ ᠠᠷᠭ᠎ᠠ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ ᠮᠠᠨᠳᠤᠯ ᠨᠡᠶᠢᠭᠡᠮ ᠲᠣᠭᠤᠷᠢᠭ ᠲᠤ ᠲᠤᠰᠬᠠᠢ ᠰᠡᠳᠦᠪᠲᠦ ᠲᠠᠶᠢᠯᠤᠮᠵᠢ ᠬᠢᠬᠦ ᠵᠢᠴᠢ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠵᠦ᠂ ᠸᠢᠷᠦ᠋ᠰ ᠤᠨ ᠮᠣᠳᠣᠨ ᠮᠣᠷᠢ᠂ ᠵᠢᠭᠠᠰᠤ ᠭᠥᠬᠢᠳᠡᠬᠦ ᠳᠠᠭᠠᠷᠢᠯᠲᠠ ᠵᠡᠷᠭᠡ ᠰᠦᠯᠵᠢᠶᠡᠨ ᠤ ᠲᠠᠭᠠᠷᠢᠯᠳᠠ ᠶᠢᠨ ᠠᠷᠭ᠎ᠠ ᠪᠠᠷᠢᠯ ᠢ ᠨᠠᠷᠢᠨ ᠲᠠᠨᠢᠯᠴᠠᠭᠤᠯᠬᠤ ᠶᠢᠨ ᠬᠠᠮᠲᠤ ᠵᠣᠬᠢᠴᠠᠩᠭᠤᠢ ᠰᠡᠷᠭᠡᠶᠢᠯᠡᠬᠦ ᠠᠷᠭ᠎ᠠ ᠪᠣᠳᠣᠯᠭ᠎ᠠ ᠶᠢ ᠬᠠᠩᠭᠠᠬᠤ ᠶᠢᠨ ᠬᠠᠮᠲᠤ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠪᠠᠷ ᠳᠠᠮᠵᠢᠭᠤᠯᠤᠨ᠂ ᠣᠯᠠᠨ ᠨᠡᠶᠢᠲᠡ ᠳᠤ ᠬᠤᠣᠷ ᠠᠷᠢᠯᠭᠠᠬᠤ ᠵᠥᠭᠡᠯᠡᠨ ᠲᠣᠨᠤᠭ ᠢ ᠤᠭᠰᠠᠷᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠪᠤᠳᠤᠯᠢᠶᠠᠨᠲᠠᠢ ᠨᠢᠭᠤᠴᠠ ᠨᠣᠮᠧᠷ ᠲᠣᠬᠢᠷᠠᠭᠤᠯᠤᠨ᠂ ᠲᠠᠨᠢᠯ ᠪᠤᠰᠤ ᠰᠢᠤᠳᠠᠨ ᠤ ᠵᠦᠢᠯ ᠢ ᠬᠥᠳᠡᠯᠭᠡᠬᠦ ᠦᠭᠡᠢ ᠵᠡᠷᠭᠡ ᠦᠨᠳᠦᠰᠦᠨ ᠠᠵᠢᠯᠯᠠᠭᠠᠨ ᠤ ᠴᠢᠬᠤᠯᠠ ᠴᠢᠨᠠᠷ ᠢ ᠴᠢᠬᠤᠯᠠᠴᠢᠯᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠤ ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠤᠯᠵᠤ᠂ ᠰᠦᠯᠵᠢᠶᠡᠨ ᠤ ᠪᠣᠯᠪᠠᠰᠤᠨ ᠤ ᠵᠢᠷᠤᠮᠵᠢᠯ ᠢ ᠦᠶ᠋ᠯᠡᠳᠦᠯᠭᠡᠵᠢᠭᠦᠯᠦᠨ ᠂ ᠰᠦᠯᠵᠢᠶᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠵᠤ᠂ ᠡᠷᠡᠭᠦᠯ ᠰᠠᠷᠠᠭᠤᠯ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠳᠤ ᠵᠠᠰᠠᠭ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号