ᠤᠯᠤᠰ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ | ᠪᠠᠷᠢᠮᠲᠠ ᠶᠢ ᠦᠨᠳᠦᠰᠦᠯᠡᠪᠡᠯ᠂ ᠡᠨᠡ ᠵᠢᠯ ᠤᠨ 7 ᠰᠠᠷ᠎ᠠ ᠶᠢᠨ 1 ᠠᠴᠠ 7 ᠰᠠᠷ᠎ᠠ ᠶᠢᠨ 31 ᠪᠣᠯᠲᠠᠯ᠎ᠠ᠂ ᠪᠥᠬᠦ | ᠤᠯᠤᠰ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠨᠡᠶᠢᠲᠡ 1402 ᠤᠳᠠᠭ᠎ᠠ ᠭᠠᠷᠴᠠᠶ᠃ | ᠡᠭᠦᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠴᠡᠨᠡᠭᠯᠡᠭᠦ ᠦᠭᠡᠢ ᠵᠤᠭᠰᠤᠭᠠᠵᠤ ᠪᠠᠶᠢᠭᠰᠠᠨ ᠦᠶ᠎ᠡ ᠳᠤ | 639 ᠤᠳᠠᠭ᠎ᠠ ᠭᠠᠯ ᠤᠨ ᠠᠶᠤᠯ ᠭᠠᠷᠴᠤ᠂ 45.6% ᠶᠢ ᠡᠵᠡᠯᠡᠵᠦ᠂ ᠠᠶᠠᠯᠠᠯ ᠤᠨ ᠶᠠᠪᠤᠴᠠ ᠳᠤ 449 | ᠤᠳᠠᠭ᠎ᠠ᠂ ᠴᠡᠨᠡᠭᠯᠡᠵᠤ ᠪᠠᠶᠢᠭᠰᠠᠨ ᠪᠠᠶᠢᠳᠠᠯ ᠳᠤ 314 ᠤᠳᠠᠭ᠎ᠠ ᠭᠠᠯ ᠭᠠᠷᠴᠠᠶ᠃ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠭᠠᠯ ᠢ ᠰᠡᠷᠭᠡᠶᠢᠯᠡᠬᠦ ᠠᠰᠠᠭᠤᠳᠠᠯ ᠢ ᠨᠡᠶᠢᠲᠡ ᠪᠠᠷ ᠢᠶᠠᠨ ᠠᠩᠬᠠᠷᠤᠭᠤᠰᠢᠲᠠᠶ᠃ ᠮᠠᠨ ᠤ ᠤᠯᠤᠰ ᠤᠨ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠤᠭ᠎ᠠ ᠬᠡᠮᠵᠢᠶ᠎ᠡ ᠠᠰᠤᠷᠤ ᠶᠡᠭᠡ ᠪᠠᠶᠢᠵᠤ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠤᠯᠤᠰ ᠤᠨ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ 3.5 ᠳ᠋ᠦᠩᠰᠢᠭᠤᠷ ᠢ ᠳᠠᠪᠠᠵᠤ᠂ ᠨᠢᠳᠤᠨᠤᠨ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠨᠡᠶᠢᠲᠡ 4228 ᠲᠦᠮᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠭᠰᠡᠨ ᠪᠠᠶᠢᠨ᠎ᠠ᠃ | ᠦᠭᠡᠶᠢᠰᠭᠡᠵᠦ ᠪᠣᠯᠤᠰᠢ ᠦᠭᠡᠢ ᠵᠦᠢᠯ ᠭᠡᠪᠡᠯ᠂ ᠬᠡᠷᠡᠭᠯᠡᠭᠴᠢᠳ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ | ᠲᠤᠬᠠᠶ ᠪᠤᠰᠤᠳᠴᠢ ᠱᠠᠭᠠᠷᠳᠠᠯᠭ᠎ᠠ ᠶᠤᠮ᠃ ᠲᠡᠭᠦᠨ ᠤ ᠬᠦᠴᠦ ᠠᠷᠪᠢᠯᠠᠬᠤ ᠨᠢ ᠠᠮᠢᠳᠤᠯᠢᠭ ᠮᠥᠷᠲᠡᠭᠡᠨ ᠥᠪᠡᠷ ᠤᠨ | ᠥᠷᠲᠡᠭ ᠢ ᠨᠢ ᠡᠵᠡᠮᠳᠡᠵᠦ ᠪᠣᠯᠤᠨ᠎ᠠ᠂ ᠡᠩ ᠤᠨ ᠪᠠᠶᠢᠳᠠᠯ ᠳᠤ ᠠᠪᠴᠤ ᠬᠡᠯᠡᠪᠡᠯ᠂ ᠲᠡᠭᠦᠨ ᠤ ᠬᠡᠷᠡᠭᠯᠡᠭᠴᠢ ᠶᠢ | ᠭᠤᠤᠯᠳᠠᠭᠤ ᠬᠤᠶᠠᠷ ᠲᠥᠷᠥᠯ ᠳᠤ ᠬᠤᠪᠢᠶᠠᠵᠤ ᠪᠤᠯᠤᠨ᠎ᠠ᠄ ᠨᠢᠭᠡ ᠨᠢ ᠬᠤᠪᠢ ᠶᠢᠨ ᠬᠡᠷᠡᠭᠯᠡᠭᠴᠢ᠂ ᠭᠤᠤᠯᠳᠠᠭᠤ | ᠠᠯᠪᠠᠨ ᠲᠤᠰᠢᠶᠠᠯᠲᠠᠨ ᠵᠡᠷᠭᠡ ᠬᠦᠮᠦᠰ ᠪᠣᠯᠤᠨ᠎ᠠ᠂ ᠲᠡᠷᠡ ᠨᠢ ᠣᠶᠢᠷ᠎ᠠ ᠵᠠᠮ ᠤᠨ ᠲᠦᠷᠭᠡᠨ ᠪᠥᠭᠡᠳ ᠳᠥᠭᠦᠮ | ᠳᠥᠲᠡ ᠶᠠᠪᠤᠵᠤ ᠰᠠᠭᠤᠬᠤ ᠳᠤ ᠬᠡᠷᠡᠭᠴᠡᠭᠡ ᠲᠠᠢ ᠮᠥᠷᠲᠡᠭᠡᠨ ᠪᠠᠰᠠ ᠡᠯ᠎ᠡ ᠵᠦᠢᠯ ᠤᠨ ᠪᠤᠰᠤᠳᠴᠢ ᠰᠢᠯᠲᠠᠭᠠᠨ ᠠᠴᠠ | ᠪᠣᠯᠵᠣ ᠮᠠᠰᠢᠨ ᠲᠡᠷᠭᠡ ᠬᠡᠷᠡᠭᠯᠡᠬᠦ ᠳᠤ ᠳᠥᠭᠦᠮ ᠦᠭᠡᠢ ᠪᠠᠶᠢᠳᠠᠭ᠃ ᠨᠥᠭᠦᠭᠡ ᠲᠥᠷᠥᠯ ᠨᠢ ᠪᠣᠯ ᠣᠨᠴᠠ | ᠲᠣᠭᠲᠠᠭᠰᠠᠨ ᠠᠵᠢᠯ ᠲᠥᠷᠥᠯ ᠤᠨ ᠠᠵᠢᠯᠲᠠᠨ ᠪᠣᠯᠤᠨ᠎ᠠ᠂ ᠡᠭᠦᠨ ᠳᠤ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ | ᠬᠦᠷᠭᠡᠭᠴᠢ ᠵᠡᠷᠭᠡ ᠪᠠᠭᠲᠠᠨ᠎ᠠ᠃ ᠡᠭᠦᠨ ᠠᠴᠠ ᠦᠵᠡᠪᠡᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠨᠢᠭᠡᠨᠲᠡ | ᠣᠯᠠᠨ ᠲᠦᠮᠡᠨ ᠤ ᠣᠶᠢᠷ᠎ᠠ ᠵᠠᠮ ᠶᠠᠪᠤᠬᠤ ᠳᠤ ᠬᠡᠷᠡᠭᠯᠡᠬᠦ ᠴᠢᠬᠤᠯᠠ ᠵᠠᠮ ᠬᠠᠷᠢᠯᠴᠠᠭᠠᠨ ᠤ ᠪᠠᠭᠠᠵᠢ ᠪᠣᠯᠤᠭᠰᠠᠨ | ᠪᠠᠶᠢᠨ᠎ᠠ᠃ ᠥᠭᠡᠷ᠎ᠡ ᠪᠠᠷ ᠬᠡᠯᠡᠪᠡᠯ ᠡᠶᠢᠮᠦ ᠬᠡᠮᠵᠢᠶ᠎ᠡ ᠶᠢ ᠪᠠᠲᠤᠯᠠᠬᠤ ᠪᠠ ᠬᠡᠷᠡᠭᠯᠡᠬᠦ ᠬᠦᠴᠦᠯᠡᠴᠡ ᠶᠢᠨ ᠳᠣᠤᠷ᠎ᠠ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠢ ᠠᠩᠬᠠᠷᠬᠤ ᠴᠢᠬᠤᠯᠠᠲᠠᠶ | ᠪᠠᠶᠢᠵᠤ᠂ ᠲᠡᠭᠦᠨ ᠢ ᠵᠠᠰᠠᠬᠤ ᠳᠤ ᠬᠥᠲᠥᠯᠥᠨ ᠵᠢᠯᠣᠭᠤᠳᠴᠤ ᠵᠢᠷᠤᠮᠵᠢᠭᠤᠯᠬᠤ ᠠᠴᠠ ᠭᠠᠷᠳᠠᠬᠤ ᠬᠡᠷᠡᠭᠲᠡᠶ᠃ | ᠡᠭᠦᠨ ᠳᠤ ᠮᠠᠰᠢ ᠣᠯᠠᠨ ᠭᠠᠵᠠᠷ ᠤᠨ ᠬᠢᠨ ᠠᠯᠢ ᠴᠢᠳᠠᠬᠤ ᠪᠠᠷ ︽ᠬᠥᠮᠦᠨ ᠪᠠ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡ ᠨᠢᠭᠡ ᠥᠷᠥᠭᠡᠨ ᠳᠤ ᠪᠠᠶᠢᠬᠤ︾ ᠠᠴᠠ ᠵᠠᠶᠢᠯᠠᠰᠭᠢᠬᠤ᠂ ᠦᠭᠡᠷ᠎ᠡ ᠪᠠᠷ ᠬᠡᠯᠡᠪᠡᠯ ᠣᠷᠣᠨ ᠰᠠᠭᠤᠴᠠ ᠶᠢᠨ | ᠳᠣᠲᠣᠷ᠎ᠠ ᠴᠡᠨᠡᠭᠯᠡᠬᠦ ᠶᠢ ᠴᠠᠭᠠᠵᠠᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ | ᠵᠣᠭᠰᠣᠭᠠᠬᠤ ᠪᠠ ᠲᠤᠭᠲᠠᠭᠰᠠᠨ ᠭᠠᠵᠠᠷ ᠲᠤᠨᠢ ᠴᠠᠬᠢᠯᠭᠠᠨ ᠴᠡᠨᠡᠭᠯᠡᠬᠦ ᠶᠢ ᠰᠠᠨᠠᠭᠤᠯᠵᠤ ᠪᠠᠶᠢᠨ᠎ᠠ᠃ |