ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠲᠤᠰᠠᠯᠠᠬᠤ ᠠᠵᠢᠯᠳᠠᠨ ᠤ ᠲᠦᠷᠢᠮ︾ ︵ᠲᠤᠷᠤᠬᠰᠢ ᠰᠢᠨ᠎ᠡ ᠪᠠᠷ | ᠵᠠᠰᠠᠪᠤᠷᠢ ᠤᠷᠤᠭᠤᠯᠤᠬᠰᠠᠨ ︽ᠲᠦᠷᠢᠮ︾ ᠬᠡᠵᠦ ᠲᠦᠬᠦᠮᠴᠢᠯᠡᠨ᠎ᠡ︶ ᠳᠤ ᠵᠠᠰᠠᠪᠤᠷᠢ ᠤᠷᠤᠭᠤᠯᠵᠤ᠂ ᠲᠤᠰ ︽ | ᠲᠦᠷᠢᠮ︾ ᠢ 2024 ᠤᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠦᠨ᠎ᠡ᠃ ᠰᠢᠨ᠎ᠡ ᠪᠠᠷ ᠵᠠᠰᠠᠪᠤᠷᠢ | ᠤᠷᠤᠭᠤᠯᠤᠬᠰᠠᠨ ︽ᠲᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ 2021 ᠤᠨ ᠤ ᠤᠤᠯ ᠤᠨ ︽ | ᠲᠦᠷᠢᠮ︾ ᠲᠠᠢ ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 ᠵᠦᠢᠯ ᠳᠤ ᠵᠠᠰᠠᠪᠤᠷᠢ ᠤᠷᠤᠭᠤᠯᠵᠤ᠂ 1 | ᠵᠦᠢᠯ ᠢ ᠬᠠᠰᠤᠵᠠᠢ᠃ ᠬᠢᠯᠠᠰ ᠴᠡᠭ ᠨᠢ ᠭᠤᠤᠯᠳᠠᠭᠤ 5 ᠲᠠᠯ᠎ᠠ ᠪᠠᠷ ᠢᠯᠡᠷᠡᠵᠦ ᠪᠠᠶᠢᠨ᠎ᠠ᠃ ᠵᠠᠰᠠᠬ ᠤᠨ ᠤᠷᠳᠤᠨ ᠤ | ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠤᠨ ᠴᠢᠩᠭᠠᠳᠬᠠᠪᠠ᠃ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢᠨ | ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠣᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠢᠨᠠᠯᠲᠠ ᠲᠠᠯᠪᠢᠬᠤ᠂ | ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ︾ ᠬᠡᠵᠦ ᠲᠤᠬᠳᠠᠭᠠᠵᠠᠢ᠃ ᠬᠦᠮᠦᠨ ᠬᠡᠷᠡᠭᠯᠡᠬᠦ ᠲᠤᠭ᠎ᠠ | ᠬᠡᠮᠵᠢᠶ᠎ᠡ ᠶᠢ ᠲᠡᠰ ᠳᠡᠪᠰᠢᠬᠦᠯᠦᠨ ᠬᠠᠮᠢᠶᠠᠷᠴᠠᠢ᠃ ᠲᠤᠰᠠᠯᠠᠬᠤ ᠴᠠᠬᠳᠠᠭ᠎ᠠ ᠶᠢᠨ ᠡᠩᠨᠡᠬᠡᠨ ᠳᠤ ᠤᠷᠤᠬᠤ ᠪᠠᠷᠢᠮᠵᠢᠶ᠎ᠠ ᠶᠢ | ᠦᠨᠳᠦᠷ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠲᠤᠰᠠᠯᠠᠬᠤ ᠴᠠᠬᠳᠠᠭ᠎ᠠ | ᠪᠤᠯᠬᠤ ᠳᠤ ᠵᠠᠪᠠᠯ ᠰᠢᠯᠭᠠᠭᠤᠯᠬᠤ ᠠᠷᠭ᠎ᠠ ᠶᠢ ᠠᠪᠴᠤ᠂ ᠠᠵᠢᠯᠳᠠᠨ ᠡᠯᠰᠡᠬᠦ ᠪᠠᠷᠢᠮᠵᠢᠶ᠎ᠠ ᠪᠤᠯᠤᠨ ᠵᠢᠷᠤᠮ ᠢ | ᠨᠢᠬᠡᠳᠦᠯᠵᠢᠬᠦᠯᠦᠨ᠂ ᠰᠤᠩᠭᠤᠨ ᠠᠪᠴᠤ ᠬᠡᠷᠡᠭᠯᠡᠬᠦ ᠶᠢ ᠴᠢᠩᠭᠠᠳᠬᠠᠨ᠂ ᠨᠡᠶᠢᠬᠡᠮ ᠤᠨ ᠬᠢᠨᠠᠯᠳᠠ ᠶᠢ ᠬᠦᠯᠢᠶᠡᠨ᠎ᠡ︾ | ᠬᠡᠵᠦ ᠨᠡᠮᠡᠨ ᠲᠤᠬᠳᠠᠭᠠᠵᠠᠢ᠃ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢ ᠨᠡᠩ | ᠪᠠᠳᠤᠯᠠᠭ᠎ᠠ ᠲᠠᠢ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠠᠶᠢᠮᠠᠬ ᠤᠨ ᠵᠠᠬᠢᠷᠭ᠎ᠠ | ᠂ ᠬᠠᠷᠢᠶᠠᠳᠤ ᠤᠷᠤᠨ ᠲᠤᠬᠢᠷᠠᠭᠤᠯᠤᠬᠰᠠᠨ ᠬᠤᠳᠠ ᠪᠤᠯᠤᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠬ ᠤᠨ | ᠤᠷᠳᠤᠨ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢᠨ ᠲᠦᠷᠢᠮ ᠶᠤᠰᠤᠭᠠᠷ | ᠲᠤᠰ ᠭᠠᠵᠠᠷ ᠤᠷᠤᠨ ᠤ ᠲᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ ᠲᠤᠮᠳᠠᠴᠢ ᠴᠠᠯᠢᠩ ᠤᠨ | ᠲᠦᠪᠰᠢᠨ ᠢᠶᠠᠷ ᠯᠠᠪᠯᠠᠯᠳᠠ ᠪᠤᠯᠭᠠᠵᠦ᠂ ᠲᠤᠰ ᠭᠠᠵᠠᠷ ᠤᠷᠤᠨ ᠤ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠶᠢᠨ | ᠪᠤᠳᠠᠳᠠᠢ ᠪᠠᠷᠢᠮᠵᠢᠶ᠎ᠠ ᠶᠢ ᠬᠢᠨᠠᠨ ᠲᠤᠬᠳᠠᠭᠠᠵᠤ᠂ ᠡᠭᠦᠨ ᠤ ᠬᠠᠮᠳᠦ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠪᠠᠶᠢᠳᠠᠯ᠂ ᠡᠳ᠋ ᠤᠨ ᠵᠠᠰᠠᠬ ᠤᠨ ᠨᠡᠮᠡᠭᠳᠡᠯ ᠤᠨ ᠪᠠᠶᠢᠳᠠᠯ ᠵᠡᠷᠬᠡ ᠪᠠᠶᠢᠳᠠᠯ ᠢ ᠦᠨᠳᠦᠰᠦᠯᠡᠨ᠂ ᠬᠦᠳᠡᠯᠦᠩᠬᠦᠢ ᠪᠠᠷ | ᠲᠤᠬᠢᠷᠠᠭᠤᠯᠬᠤ ᠲᠤᠬᠳᠠᠴᠠ ᠶᠢ ᠪᠠᠶᠢᠭᠤᠯᠪᠠᠯ ᠵᠤᠬᠢᠨ᠎ᠠ︾ ᠬᠡᠵᠦ ᠲᠤᠬᠳᠠᠭᠠᠵᠠᠢ᠃ ᠲᠤᠰᠠᠯᠠᠬᠤ ᠴᠠᠬᠳᠠᠭ᠎ᠠ ᠶᠢᠨ | ᠲᠤᠰᠢᠶᠠᠯ ᠢᠶᠠᠨ ᠬᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ ᠪᠠᠶᠢᠳᠠᠯ ᠳᠤ ᠵᠣᠬᠢᠴᠠᠭᠤᠯᠬᠤ ᠶᠢᠨ | ᠲᠥᠯᠥᠭᠡ᠂ ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ ᠴᠠᠭᠳᠠᠭ᠎ᠠ ᠶᠢᠨ ᠲᠤᠰᠢᠶᠠᠯ | ᠬᠠᠷᠢᠭᠤᠴᠠᠯᠭ᠎ᠠ ᠶᠢ ᠨᠡᠮᠡᠨ ᠤᠷᠤᠭᠤᠯᠵᠠᠢ᠄ ︽ᠲᠤᠰᠠᠯᠠᠬᠤ ᠴᠠᠬᠳᠠᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ ᠲᠡᠷᠬᠡ ᠵᠡᠷᠭᠡ ᠴᠠᠭᠳᠠᠭᠠᠨ ᠳᠤ ᠬᠡᠷᠡᠭᠯᠡᠬᠦ | ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ ᠮᠠᠰᠢᠨ ᠬᠥᠮᠥᠨ᠂ ᠵᠢᠯᠣᠭᠤᠴᠢ ᠦᠭᠡᠢ | ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ ᠲᠥᠬᠦᠭᠡᠷᠦᠮᠵᠢ ᠶᠢ ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃ | ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠤᠨ ᠠᠴᠢ ᠬᠤᠯᠪᠤᠬᠳᠠᠯ ᠪᠤᠯᠤᠨ ᠨᠦᠯᠦᠬᠡ ᠳᠤᠰᠬᠠᠯ᠄ | ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠬᠠᠮᠢᠶᠠᠷᠤᠯᠳᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ | ᠲᠡᠭᠡᠭᠰᠢᠯᠡᠬᠦᠯᠦᠨ᠎ᠡ︔ ᠲᠤᠰᠠᠯᠠᠬᠤ ᠴᠠᠬᠳᠠᠭ᠎ᠠ ᠶᠢᠨ ᠬᠠᠤᠯᠢ ᠶᠤᠰᠤᠨ ᠤ ᠡᠷᠬᠡ ᠠᠰᠢᠬ ᠢ ᠨᠡᠩ ᠰᠠᠶᠢᠳᠤᠷ ᠪᠠᠳᠤᠯᠠᠨ᠎ᠠ︔ | ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠲᠤᠬᠳᠠᠭᠤᠨ ᠪᠠᠶᠢᠳᠠᠯ ᠢ ᠠᠬᠢᠭᠤᠯᠤᠨ᠎ᠠ᠃ |