ᠡᠷᠳᠡᠨᠢ ᠰᠢᠰᠢ ᠠᠩᠬᠢᠯᠤᠮ᠎ᠠ ᠦᠨᠦᠷ ᠡᠯᠪᠡᠭ ᠵᠢᠮᠢᠰ ᠡᠯᠪᠡᠭ ᠳᠡᠯᠪᠡᠭ ᠪᠠᠶᠢᠵᠤ᠂ ᠮᠥᠬᠦᠯᠢᠭ ᠢ ᠨᠢ ᠬᠥᠮᠥᠷᠭᠡ ᠳᠤ | ᠣᠷᠣᠭᠤᠯᠵᠤ ᠨᠠᠮᠤᠷ ᠤᠨ ᠬᠤᠷᠢᠶᠠᠯᠲᠠ ᠳᠤ ᠶᠠᠭᠠᠷᠠᠯᠳᠤᠨ᠎ᠠ᠃ ᠣᠳᠣᠬᠠᠨ ᠳᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠡᠷᠳᠡᠨᠢ ᠰᠢᠰᠢ ᠵᠠᠯᠭᠠᠭ᠎ᠠ ᠪᠠᠷ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠪᠠᠶᠠᠨᠬᠤᠰᠢᠭᠤ | ᠪᠠᠯᠭᠠᠰᠤᠨ ᠤ ᠬᠤᠰᠵᠠᠭᠤ ᠭᠠᠴᠠᠭᠠᠨ ᠤ ᠮᠢᠩᠭᠠᠨ ᠮᠦ ᠡᠷᠳᠡᠨᠢ ᠰᠢᠰᠢ ᠶᠢᠨ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠳᠠᠷᠢᠶ᠎ᠠ ᠡᠯᠪᠡᠭ ᠬᠤᠷᠢᠶᠠᠯᠲᠠ ᠣᠯᠵᠤ᠂ ᠲᠠᠷᠢᠶᠠᠨ ᠭᠠᠵᠠᠷ ᠲᠤ ᠭᠠᠵᠠᠷ | ᠪᠣᠯᠭᠠᠨ ᠳᠤ ᠡᠷᠳᠡᠨᠢ ᠰᠢᠰᠢ ᠶᠢᠨ ᠠᠯᠲᠠᠨ ᠰᠢᠷᠭᠠᠯ ᠰᠢᠷ᠎ᠠ᠂ ᠮᠠᠰᠢᠨ ᠤ ᠳᠠᠭᠤᠨ ᠨᠢᠵᠢᠭᠢᠨᠡᠬᠦ ᠶᠠᠭᠠᠷᠠᠯᠲᠠᠢ ᠪᠠᠶᠢᠳᠠᠯ | ᠢᠯᠡᠷᠡᠪᠡ᠃ ᠲᠣᠮᠣ ᠬᠡᠯᠪᠡᠷᠢ ᠶᠢᠨ ᠬᠠᠳᠤᠬᠤ ᠮᠠᠰᠢᠨ ᠡᠷᠳᠡᠨᠢ ᠰᠢᠰᠢ ᠶᠢ ᠪᠤᠯᠢᠶᠠᠨ ᠬᠤᠷᠢᠶᠠᠵᠤ ᠪᠠᠶᠢᠨ᠎ᠠ᠃ | 10 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠲᠤᠷᠰᠢᠯᠲᠠ ᠶᠢᠨ ᠲᠠᠷᠢᠶᠠᠨ ᠳᠤ ᠣᠷᠣᠬᠤ ᠳᠤ᠂ | ᠲᠠᠷᠢᠮᠠᠯ ᠤᠨ ᠡᠷᠦᠬᠡ ᠶᠠᠭ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠬᠠᠳᠤᠵᠤ ᠬᠤᠷᠢᠶᠠᠬᠤ | ᠂ ᠠᠮᠤ ᠪᠤᠳᠠᠭ᠎ᠠ ᠬᠠᠳᠤᠬᠤ᠂ ᠡᠷᠳᠡᠨᠢ ᠰᠢᠰᠢ ᠶᠢ ᠬᠠᠳᠤᠵᠤ ᠬᠤᠷᠢᠶᠠᠬᠤ᠂ ᠰᠦᠯᠵᠢᠯᠳᠦᠵᠦ ᠬᠤᠷᠢᠶᠠᠬᠤ ᠮᠠᠰᠢᠨ᠂ | ᠰᠦᠯᠵᠢᠯᠳᠦᠵᠦ ᠪᠠᠶᠢᠭ᠎ᠠ ᠡᠷᠳᠡᠨᠢ ᠰᠢᠰᠢ ᠶᠢᠨ ᠮᠥᠬᠦᠯᠢᠭ ᠢ ᠲᠡᠭᠰᠢᠯᠡᠵᠦ᠂ ᠡᠯᠪᠡᠭ ᠬᠤᠷᠢᠶᠠᠯᠲᠠ ᠶᠢᠨ ᠵᠢᠷᠤᠭ | ᠦᠵᠡᠭᠳᠡᠯ ᠭᠠᠷᠴᠤ ᠪᠠᠶᠢᠬᠤ ᠶᠢ ᠣᠯᠵᠤ ᠬᠠᠷᠠᠪᠠ᠃ ᠣᠶᠢᠯᠠᠭᠠᠭᠰᠠᠨ ᠢᠶᠠᠷ᠂ ᠭᠦᠶᠦᠭᠡᠨ ᠪᠤᠯᠠᠵᠤ ᠲᠤᠰᠤᠯᠭᠠᠨ | ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠴᠢᠳᠠᠪᠤᠷᠢ ᠨᠢ ᠲᠠᠷᠢᠮᠠᠯ ᠤᠨ ᠳᠤᠮᠳᠠ | ᠬᠡᠷᠡᠭᠰᠡᠬᠦ ᠤᠰᠤ ᠪᠠ ᠰᠢᠮ᠎ᠡ ᠲᠡᠵᠢᠭᠡᠯ ᠢ ᠦᠨᠳᠦᠰᠦᠯᠡᠨ ᠶᠡᠷᠦᠩᠬᠡᠶᠢᠯᠡᠨ ᠲᠣᠬᠢᠷᠠᠭᠤᠯᠵᠤ᠂ ᠤᠰᠤ ᠶᠢ ᠠᠰᠢᠭᠯᠠᠨ | ᠪᠣᠷᠳᠣᠭᠤᠷ ᠤᠨ ᠠᠰᠢᠭᠯᠠᠯᠲᠠ ᠶᠢ ᠠᠬᠢᠭᠤᠯᠵᠤ᠂ ᠤᠰᠤ ᠪᠣᠷᠳᠣᠭᠤᠷ ᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠵᠦ | ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ᠂ ᠤᠰᠤᠨ ᠤ ᠡᠬᠢ ᠪᠠᠶᠠᠯᠢᠭ ᠢ ᠢᠯᠡᠳᠲᠡ ᠠᠷᠪᠢᠯᠠᠬᠤ | ᠬᠡᠷᠡᠭᠲᠡᠢ᠃ ᠡᠷᠳᠡᠨᠢ ᠰᠢᠰᠢ ᠮᠥᠯᠢᠵᠦ ᠬᠥᠮᠥᠷᠭᠡ ᠳᠤ ᠣᠷᠣᠭᠤᠯᠪᠠ᠃ | ︽ᠡᠮᠦᠨ᠎ᠡ ᠬᠡᠳᠦᠨ ᠵᠢᠯ ᠳᠤ ᠪᠢ ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠤᠰᠤ ᠠᠷᠪᠢᠯᠠᠬᠤ ᠵᠠᠭᠪᠤᠷ ᠢ ᠣᠶᠢᠯᠠᠭᠠᠵᠤ᠂ ᠲᠤᠬᠠᠢ ᠶᠢᠨ ᠦᠶ᠎ᠡ ᠳᠤ | ᠪᠢ 50 ᠮᠦ ᠭᠠᠵᠠᠷ ᠢ ᠲᠤᠷᠰᠢᠨ ᠲᠠᠷᠢᠵᠤ᠂ ᠮᠦ ᠪᠦᠷᠢ 500 ᠵᠢᠩ ᠤᠨᠠᠯᠲᠠ ᠨᠡᠮᠡᠭᠳᠡᠭᠦᠯᠦᠨ᠂ ᠣᠳᠣ ᠲᠠᠷᠢᠬᠤ | ᠲᠠᠯᠠᠪᠠᠢ 300 ᠭᠠᠷᠤᠢ ᠮᠦ ᠬᠦᠷᠲᠡᠯ᠎ᠡ ᠥᠷᠭᠡᠳᠬᠡᠵᠦ᠂ ᠡᠨᠡ ᠵᠢᠯ ᠤᠨ ᠮᠦ ᠪᠦᠷᠢ ᠶᠢᠨ ᠤᠨᠠᠯᠲᠠ 900 — | 1000 ᠺᠢᠯᠣᠭ᠍ᠷᠠᠮ ᠳᠤ ᠬᠦᠷᠦᠭᠰᠡᠨ ᠢ ᠣᠶᠢᠯᠠᠭᠠᠭᠤᠯᠪᠠ᠃︾ ᠪᠠᠶᠠᠨᠬᠤᠰᠢᠭᠤ ᠪᠠᠯᠭᠠᠰᠤᠨ ᠤ ᠬᠤᠲᠠᠵᠢᠯᠳᠠ | ᠭᠠᠴᠠᠭᠠᠨ ᠤ ᠡᠷᠳᠡᠨᠢ ᠰᠢᠰᠢ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠲᠠᠷᠢᠶᠠᠨ ᠤ | ᠳᠠᠭᠠᠭᠤᠯᠤᠭᠴᠢ ᠪᠦᠬᠡᠪᠠᠶᠠᠷ ᠬᠡᠯᠡᠪᠡ᠃ ᠪᠦᠬᠡᠪᠠᠶᠢᠯᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ | ᠮᠡᠷᠭᠡᠵᠢᠯ ᠤᠨ ᠲᠠᠷᠢᠮᠠᠯ ᠤᠨ ᠲᠤᠷᠰᠢᠯᠲᠠ ᠪᠠᠷ ᠳᠠᠮᠵᠢᠨ ᠠᠮᠵᠢᠯᠲᠠ ᠣᠯᠤᠭᠰᠠᠨ ᠤ ᠳᠠᠷᠠᠭ᠎ᠠ᠂ ᠡᠷᠭᠢᠨ ᠲᠣᠭᠤᠷᠢᠨ ᠤ | ᠮᠠᠰᠢ ᠣᠯᠠᠨ ᠲᠣᠰᠬᠤᠨ ᠤ ᠠᠷᠠᠳ ᠴᠤ ᠡᠨᠡ ᠬᠦ ᠮᠡᠷᠭᠡᠵᠢᠯ ᠤᠨ ᠠᠪᠴᠢᠷᠠᠭᠰᠠᠨ ᠠᠰᠢᠭ ᠣᠷᠣᠯᠭ᠎ᠠ ᠶᠢ ᠣᠯᠵᠤ | ᠬᠠᠷᠠᠵᠤ᠂ ᠬᠤᠶᠢᠨ᠎ᠠ ᠬᠤᠶᠢᠨ᠎ᠠ ᠠᠴᠠ ᠪᠠᠨ ᠣᠷᠣᠵᠤ ᠢᠷᠡᠪᠡ᠂ ᠣᠳᠣᠬᠠᠨ ᠳᠤ ᠨᠢᠭᠡᠨᠲᠡ 50 ᠭᠠᠷᠤᠢ ᠡᠷᠦᠬᠡ | ᠪᠥᠭᠡᠪᠡᠢ ᠶᠢᠨ ᠤᠰᠤ ᠪᠣᠷᠳᠣᠭᠤᠷ ᠢ ᠠᠰᠢᠭᠯᠠᠨ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠡᠷᠳᠡᠨᠢ ᠰᠢᠰᠢ ᠲᠠᠷᠢᠵᠤ | ᠂ ᠲᠠᠷᠢᠬᠤ ᠲᠠᠯᠠᠪᠠᠢ ᠶᠢ 1000 ᠭᠠᠷᠤᠢ ᠮᠦ ᠪᠣᠯᠭᠠᠨ ᠥᠷᠭᠡᠳᠬᠡᠪᠡ᠃ | ︽ᠪᠢ 2017 ᠣᠨ ᠠᠴᠠ ᠡᠬᠢᠯᠡᠨ᠂ ᠪᠥᠭᠡᠪᠡᠢ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠮᠡᠷᠭᠡᠵᠢᠯ ᠤᠨ ᠭᠠᠵᠠᠷ ᠢ ᠳᠠᠭᠠᠵᠤ ᠡᠬᠢᠯᠡᠪᠡ᠂ ᠰᠠᠶ᠋ᠢᠬᠠᠨ ᠣᠶᠢᠯᠠᠭᠠᠬᠤ ᠦᠭᠡᠢ᠂ ᠲᠡᠷᠡ ᠭᠠᠷ ᠤᠨ ᠵᠢᠯᠣᠭᠤᠳᠣᠯᠭ᠎ᠠ | ᠪᠠᠶᠢᠵᠤ᠂ ᠦᠷ᠎ᠡ ᠰᠣᠩᠭᠤᠬᠤ ᠬᠢᠮᠢ ᠶᠢᠨ ᠪᠣᠷᠳᠣᠭᠤᠷ ᠠᠴᠠ ᠲᠠᠷᠢᠶᠠᠨ ᠡᠮ ᠰᠣᠩᠭᠤᠬᠤ ᠬᠦᠷᠲᠡᠯ᠎ᠡ᠂ ᠭᠤᠭᠴᠤᠭ᠎ᠠ | ᠨᠢᠭᠡᠪᠦᠷᠢ ᠳᠤ ᠴᠥᠮ ᠪᠡᠶ᠎ᠡ ᠪᠠᠷ ᠢᠶᠠᠨ ᠵᠢᠯᠣᠭᠤᠳᠴᠤ᠂ ᠲᠡᠭᠦᠨ ᠢ ᠳᠠᠭᠠᠵᠤ ᠲᠠᠷᠢᠭᠰᠠᠨ ᠤ ᠳᠠᠷᠠᠭ᠎ᠠ ᠤᠨᠠᠯᠲᠠ ᠨᠢ | ᠶᠡᠭᠡ ᠪᠠᠷ ᠨᠡᠮᠡᠭᠳᠡᠵᠦ᠂ ᠡᠭᠦᠨ ᠠᠴᠠ ᠡᠮᠦᠨ᠎ᠡ ᠮᠦ ᠪᠦᠷᠢ ᠶᠢᠨ ᠤᠨᠠᠯᠲᠠ ᠨᠢ ᠴᠦ ᠳᠣᠯᠤᠭ᠎ᠠ ᠨᠠᠢᠮᠠᠨ ᠵᠠᠭᠤᠨ ᠵᠢᠩ | ᠪᠣᠯᠵᠣ᠂ ᠣᠳᠣ ᠮᠦ ᠪᠦᠷᠢ ᠶᠢᠨ ᠤᠨᠠᠯᠲᠠ ᠨᠢ ᠦᠨᠳᠦᠰᠦᠨ ᠳᠡᠭᠡᠨ 1700 ᠠᠴᠠ 2000 ᠵᠢᠩ ᠪᠠᠶᠢᠵᠠᠢ᠃ | ᠪᠠᠶᠠᠨᠬᠤᠰᠢᠭᠤ ᠪᠠᠯᠭᠠᠳ ᠤᠨ ᠤ ᠬᠤᠲᠠ ᠪᠠᠯᠭᠠᠳ ᠤᠨ ᠤ ᠭᠠᠴᠠᠭ᠎ᠠ ᠲᠣᠰᠬᠤᠨ ᠤ ᠠᠷᠠᠳ ᠬᠠᠰᠪᠠᠶᠠᠷ ᠲᠠᠢ ᠪᠠᠷ | ᠬᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠣᠯ ᠲᠠᠷᠢᠶᠠᠯᠠᠩ ᠤᠨ ᠭᠠᠷᠤᠯᠲᠠ ᠪᠠᠨ | ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢᠨ ᠵᠠᠩᠭᠢᠯᠠᠭ᠎ᠠ ᠮᠥᠨ᠂ ᠪᠠᠰᠠ ᠴᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠲᠤ ᠪᠠᠬᠢ ᠬᠦᠴᠦᠨ ᠮᠥᠨ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠲᠠᠰᠤᠷᠠᠯᠲᠠ ᠦᠭᠡᠢ ᠬᠤᠪᠢᠷᠠᠭᠤᠯᠬᠤ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ | ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠲᠡᠮᠳᠡᠭ︾ ᠪᠣᠯᠤᠭᠰᠠᠨ ᠪᠠᠶᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠡᠨᠧᠷᠭᠢ ᠣᠯᠭᠤᠬᠤ ᠲᠠᠷᠢᠶᠠᠯᠠᠩ ᠤᠨ ᠰᠢᠨ᠎ᠡ ᠬᠡᠪ ᠵᠠᠭᠪᠤᠷ ᠨᠢ ᠶᠠᠭ ᠡᠨᠡᠬᠦ ᠥᠩ ᠰᠢᠮᠡᠯᠢᠭ ᠭᠠᠵᠠᠷ | ᠰᠢᠷᠣᠢ ᠳᠡᠭᠡᠷ᠎ᠡ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠵᠦ ᠪᠠᠶᠢᠨ᠎ᠠ᠃ |