ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 88 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 88 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ 2024 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠨᠠᠮ ᠪᠠ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤᠮᠳᠠᠬᠢ ᠳᠠᠭᠠᠭᠤᠯᠬᠤ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ︔ ᠤᠯᠠᠭᠠᠨ ᠵᠠᠭᠠᠯᠮᠠᠶᠢᠲᠠᠨ ᠤ ᠦᠢᠯᠡᠰ ᠲᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ᠬᠥᠮᠦᠯᠢᠭ ᠦᠵᠡᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠴᠠᠭ ᠮᠥᠴᠡ ᠶᠢ ᠠᠮᠵᠢᠨ ᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠡᠬᠢᠯᠡᠭᠦᠯᠵᠦ᠂ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠢᠨ᠎ᠡ ᠵᠠᠮ ᠢ ᠨᠡᠭᠡᠭᠡᠵᠦ᠂ ᠬᠦᠴᠢᠷ ᠠᠰᠠᠭᠤᠳᠠᠯ ᠢ ᠡᠪᠳᠡᠵᠦ᠂ ᠬᠦᠨᠳᠦ ᠡᠭᠦᠷᠭᠡ ᠶᠢ ᠡᠭᠦᠷᠭᠡᠯᠡᠭᠦᠯᠵᠦ᠂ ᠦᠵᠡᠯ ᠰᠠᠨᠠᠭᠠᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠤᠯᠠᠭᠠᠨ ᠱᠤᠭᠤᠮ ᠪᠠ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠬᠠᠤᠯᠢᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号