ᠦᠪᠡᠷᠳᠡᠭᠡᠨ ᠵᠠᠰᠠᠬᠤ ᠣᠷᠣᠨ ᠤ ᠠᠩᠬᠠᠳᠠᠬᠴᠢ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠷᠭ᠎ᠠ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/10/23
   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ᠬᠥᠬᠡᠬᠤᠲᠠ ᠶᠢᠨ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠳᠣᠲᠣᠷᠠᠬᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠵᠦᠪᠰᠢᠶᠡᠷᠡᠵᠠᠢ᠃ ᠲᠣᠰ ︽ᠠᠷᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠪᠢᠴᠢᠭ ᠮᠠᠲ᠋ᠧᠷᠢᠶᠠᠯ ᠪᠠᠶᠢᠵᠤ᠂ ᠬᠦᠬᠡᠬᠤᠳᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠬᠤ ᠠᠵᠢᠯ ᠰᠢᠨ᠎ᠡ ᠴᠠᠭ ᠦᠶ᠎ᠡ ᠳᠤ ᠤᠷᠤᠭᠰᠠᠨ ᠢ ᠬᠠᠷᠠᠭᠤᠯᠵᠤ ᠪᠤᠢ᠃   ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠤᠯᠠᠮ ᠢᠶᠠᠷ ᠲᠡᠭᠦᠯᠳᠡᠷᠵᠢᠭᠦᠯᠦᠨ᠂ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠣᠯᠠᠨ ᠲᠥᠯᠥᠪᠵᠢᠭᠦᠯᠭᠡ ᠶᠢ ᠨᠢᠭᠡᠳᠭᠡᠬᠦ︾ ᠥᠭᠡᠷᠡᠴᠢᠯᠡᠯᠲᠡ ᠶᠢᠨ ᠦᠢᠯᠡᠳᠦᠯᠭᠡ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠨᠠᠷᠢᠨ ᠲᠥᠯᠥᠪᠵᠢᠭᠦᠯᠭᠡ ᠶᠢᠨ ︽ᠳᠡᠭᠡᠭᠰᠢ ᠪᠠᠨ ᠶᠡᠷᠦᠩᠬᠡᠶ ᠲᠥᠯᠥᠪᠵᠢᠭᠦᠯᠭᠡ ᠲᠠᠢ ᠵᠤᠯᠭᠠᠯᠴᠠᠵᠤ᠂ ᠳᠣᠷᠣᠭᠰᠢ ᠪᠠᠨ ᠵᠠᠰᠠᠯᠲᠠ ᠶᠢ ᠬᠡᠷᠡᠭᠵᠢᠭᠦᠯᠬᠦ ᠲᠠᠢ ᠵᠠᠯᠭᠠᠯᠳᠤᠬᠤ︾ ᠵᠠᠩᠭᠢᠯᠠᠭ᠎ᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢᠨ ᠲᠦᠯᠦᠭᠡ᠂ ︽ᠠᠷᠭ᠎ᠠ︾ ᠶᠢᠨ ᠬᠡᠷᠡᠭᠵᠢᠬᠦᠯᠦᠯᠳᠡ ᠨᠢ ᠬᠦᠬᠡᠬᠤᠳᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠬᠤ ᠳᠤ ᠪᠦᠲᠦᠮᠵᠢᠲᠡᠶ ᠮᠡᠷᠭᠡᠵᠢᠯ ᠤᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠬᠦ ᠪᠣᠯᠤᠨ᠎ᠠ᠃   ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ ︽ᠠᠷᠭ᠎ᠠ︾ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠰᠡᠳᠭᠢᠴᠠ ᠪᠠᠨ ᠴᠢᠨᠠᠭᠰᠢᠳᠠ ᠬᠤᠪᠢᠷᠠᠭᠤᠯᠤᠨ᠂ ᠲᠣᠰ ︽ᠠᠷᠭ᠎ᠠ︾ ᠶᠢᠨ ᠶᠣᠰᠣᠭᠠᠷ ᠥᠪᠡᠷᠲᠡᠭᠡᠨ ᠵᠠᠰᠠᠬᠤ ᠣᠷᠣᠨ ᠳᠤ ︽ᠨᠢᠭᠡᠴᠢ ᠡᠵᠡᠮᠰᠢᠯ ᠤᠨ ᠲᠥᠯᠥᠪᠵᠢᠭᠦᠯᠭᠡ+ ᠬᠡᠷᠡᠭᠵᠢᠭᠦᠯᠬᠦ ᠲᠥᠰᠦᠯ︾ ᠤᠨ ᠲᠥᠯᠥᠪᠵᠢᠭᠦᠯᠭᠡ ᠬᠠᠮᠢᠶᠠᠷᠤᠯᠲᠠ ᠶᠢᠨ ᠵᠠᠭᠪᠤᠷ ᠢ ᠤᠷᠢᠳ ᠢᠶᠠᠷ ᠲᠤᠷᠰᠢᠵᠤ᠂ ᠲᠥᠯᠥᠪᠵᠢᠭᠦᠯᠭᠡ ᠶᠢᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ︽ᠨᠢᠭᠡᠴᠢ ᠶᠢᠨ ᠡᠵᠡᠮᠳᠡᠯ ᠤᠨ ᠲᠥᠯᠥᠪᠵᠢᠭᠦᠯᠭᠡ+ ᠬᠡᠷᠡᠭᠵᠢᠭᠦᠯᠬᠦ ᠲᠥᠰᠦᠯ︾ ᠤᠨ ᠵᠠᠭᠪᠤᠷ ᠢ ᠬᠡᠷᠡᠭᠵᠢᠬᠦᠯᠬᠦ ᠪᠠᠷ ᠳᠠᠮᠵᠢᠨ ᠡᠵᠡᠮᠳᠡᠯ ᠤᠨ ᠣᠷᠣᠨ ᠲᠤᠭ᠎ᠠ ᠶᠢ ᠨᠠᠩ ᠰᠢᠨᠵᠢᠯᠡᠬᠦ ᠤᠬᠠᠭᠠᠨᠴᠢ ᠪᠣᠯᠭᠠᠵᠤ᠂ ᠣᠯᠠᠨ ᠡᠰᠢᠵᠢᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠵᠦ᠂ ᠲᠥᠯᠥᠪᠵᠢᠭᠦᠯᠭᠡ ᠳᠤ ᠳᠠᠬᠢᠨ ᠳᠠᠪᠲᠠᠨ ᠲᠣᠬᠢᠷᠠᠭᠤᠯᠤᠯᠲᠠ ᠬᠢᠬᠦ ᠠᠴᠠ ᠵᠠᠶᠢᠯᠠᠰᠭᠢᠵᠦ᠂ ᠬᠤᠲᠠ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ ᠶᠢ ᠲᠤᠯᠭᠠᠭᠤᠷᠢᠯᠠᠨ ᠪᠠᠲᠤᠯᠠᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号