10 ᠰᠠᠷ᠎ᠠ ᠶᠢᠨ 21 ᠤ ᠡᠳᠦᠷ᠂ ᠸᠠᠩ ᠯᠢ ᠰᠢᠶᠠ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ | ᠬᠦᠷᠢᠶᠡᠯᠡᠩ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠪᠠᠶᠢᠴᠠᠭᠠᠨ ᠰᠤᠳᠤᠯᠵᠦ᠂ ᠴᠢᠩᠬᠤᠸᠠ ᠶᠡᠭᠡ ᠰᠤᠷᠭᠠᠭᠤᠯᠢ᠂ | ᠤᠮᠠᠷᠠᠲᠤ ᠶᠢᠨ ᠴᠠᠬᠢᠯᠭᠠᠨ ᠬᠦᠴᠦᠨ ᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ | ᠰᠣᠯᠢᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠲᠦᠷᠬᠡᠨ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ | ᠲᠦᠷᠭᠡᠨ ᠨᠥᠬᠦᠪᠥᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠰᠠᠶᠢᠲᠤᠷ | ᠪᠠᠶᠢᠭᠤᠯᠬᠤ ᠨᠢ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠠᠳᠬᠤᠬᠤ ᠳᠤ ᠴᠢᠬᠤᠯᠠ ᠦᠢᠯᠡᠳᠦᠯ | ᠦᠵᠡᠬᠦᠯᠬᠦ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠵᠤᠬᠰᠤᠴᠠ ᠠᠴᠠ ᠡᠬᠦᠰᠴᠤ᠂ ᠥᠪᠥᠷ ᠮᠣᠩᠭᠤᠯ ᠤᠨ ᠬᠥᠭᠵᠢᠯᠲᠡ ᠶᠢᠨ | ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠡᠯ᠎ᠡ ᠵᠦᠢᠯ ᠤᠨ ᠠᠵᠢᠯ ᠢ | ᠲᠦᠷᠭᠡᠳᠭᠡᠨ ᠠᠬᠢᠭᠤᠯᠵᠤ᠂ ᠪᠠᠶᠢᠭᠤᠯᠤᠯ ᠢᠶᠠᠨ ᠲᠡᠭᠦᠯᠳᠡᠷᠵᠢᠭᠦᠯᠬᠦ ᠶᠢᠨ ᠳᠠᠭᠠᠤ ᠰᠢᠨᠵᠢᠯᠡᠬᠦ ᠤᠬᠠᠭᠠᠨ ᠤ ᠰᠤᠳᠤᠯᠭᠠᠨ | ᠥᠷᠨᠢᠭᠦᠯᠵᠦ᠂ ᠬᠡᠷᠬᠢᠪᠡᠯ ᠰᠢᠨ᠎ᠡ ᠶᠢ ᠡᠭᠦᠳᠬᠦ ᠳᠤ ᠠᠰᠢᠭᠲᠠᠢ ᠪᠣᠯ ᠲᠡᠭᠡᠵᠦ ᠬᠢᠵᠦ᠂ ᠪᠦᠬᠦ ᠣᠷᠣᠨ ᠤ | ᠲᠤᠷᠰᠢᠯᠲᠠ ᠶᠢᠨ ᠲᠠᠰᠤᠭ ᠤᠨ ᠬᠥᠭᠵᠢᠯᠲᠡ ᠳᠤ ︽ᠦᠯᠢᠭᠡᠷ ᠳᠠᠭᠤᠷᠢᠶᠠᠯ︾ ᠪᠣᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠸᠠᠩ ᠯᠢ ᠰᠢᠶᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠠᠵᠤ ᠦᠢᠯᠡᠰ ᠤᠨ ᠬᠥᠭᠵᠢᠯᠲᠡ ᠳᠠᠬᠢ ᠬᠠᠮᠤᠭ ᠤᠨ ᠪᠠᠴᠢᠮ | ᠲᠤᠯᠭᠠᠮ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ | ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ | ᠬᠠᠷᠢᠴᠠᠯ ᠢᠶᠠᠷ ᠨᠡᠭᠡᠭᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ | ᠲᠦᠷᠭᠡᠨ ᠰᠢᠢᠳᠪᠦᠷᠢᠯᠡᠵᠦ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠨᠡᠩ ᠤᠯᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠤᠷᠢᠨ ᠬᠦᠮᠦᠵᠢᠬᠦᠯᠵᠥ᠂ ᠤᠯᠤᠰ ᠤᠨ ᠡᠨᠧᠷᠭᠢ | ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦ᠋ᠬᠦᠢ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠥᠭᠡᠷᠡᠴᠢᠯᠡᠯᠲᠡ ᠶᠢᠨ ᠠᠷᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠢᠢ ᠠᠬᠢᠭᠤᠯᠵᠤ᠂ ᠲᠤᠰᠬᠠᠢ ᠮᠡᠷᠭᠡᠵᠢᠯᠲᠡᠨ ᠤ ᠰᠠᠨᠠᠯ ᠢ ᠢᠯᠡᠭᠦᠬᠡᠨ ᠰᠣᠨᠣᠰᠴᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠡᠷᠡᠭᠴᠡᠭᠡ ᠶᠢ ᠢᠯᠡᠭᠦᠬᠡᠨ ᠪᠣᠳᠣᠯᠬᠢᠯᠠᠵᠤ᠂ ᠡᠯ᠎ᠡ ᠭᠠᠵᠠᠷ ᠤᠨ ᠲᠤᠷᠰᠢᠯᠭ᠎ᠠ ᠶᠢ ᠢᠯᠡᠭᠦᠬᠡᠨ | ᠲᠤᠯᠢᠳᠠᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠴᠢᠳᠠᠪᠤᠷᠢᠲᠠᠨ ᠢ ᠤᠷᠢᠵᠥ ᠴᠢᠳᠠᠪᠤᠷᠢᠲᠠᠨ ᠢ ᠦᠯᠡᠳᠡᠭᠡᠬᠦ | ᠵᠡᠷᠭᠡ ᠪᠠᠶᠢᠭᠤᠯᠤᠯ ᠲᠣᠭᠲᠠᠴᠠ ᠶᠢ ᠥᠭᠡᠷᠡᠴᠢᠯᠡᠵᠦ᠂ ᠠᠯᠢ ᠰᠠᠯᠠᠭ᠎ᠠ ᠮᠥᠴᠢᠷ ᠴᠦ ᠭᠡᠳ ︽ᠤᠴᠢᠷ ᠶᠠᠪᠤᠳᠠᠯ ᠢ | ᠪᠦᠲᠦᠭᠡᠬᠦ︾ ᠵᠠᠷᠴᠢᠮ ᠢᠶᠠᠷ ᠬᠠᠭᠤᠴᠢᠨ ᠬᠡᠪ ᠵᠤᠷᠰᠢᠯ ᠢ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠳᠠᠳ ᠲᠤ ᠬᠠᠨᠤᠮᠵᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ | ᠨᠦᠬᠦᠴᠡᠯ ᠢ ᠪᠤᠢ ᠪᠣᠯᠭᠠᠵᠤ ᠦᠭᠬᠦ ᠬᠡᠷᠡᠭᠲᠡᠢ ᠭᠡᠵᠦ ᠬᠡᠯᠡᠪᠡ᠃ | ᠸᠠᠩ ᠯᠢ ᠰᠢᠶᠠ ᠬᠦᠷᠦᠭᠰᠡᠨ ᠭᠠᠵᠠᠷ ᠪᠤᠯᠭᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ | ᠠᠵᠢᠯᠯᠠᠬᠤ ᠣᠷᠴᠢᠨ ᠨᠦᠬᠦᠴᠡᠯ ᠬᠢᠷᠢ ᠵᠡᠷᠭᠡ᠂ ᠠᠮᠢᠳᠤᠷᠠᠯ ᠤᠨ ᠨᠥᠬᠦᠴᠡᠯ ᠰᠠᠶᠢᠨ ᠡᠰᠡᠬᠦ ᠶᠢ ᠨᠠᠷᠢᠯᠢᠬ ᠠᠰᠠᠭᠤᠪᠠ᠃ | ᠲᠡᠷᠡ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠬᠡᠷᠡᠭᠴᠡᠭᠡ ᠪᠦ᠋ᠬᠦᠨ ᠢ ᠴᠥᠮ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠲᠡᠳᠡᠨ ᠢ ᠰᠡᠳᠭᠢᠯ | ᠰᠢᠭᠤᠳᠤᠨ ᠰᠤᠳᠤᠯᠭᠠᠨ ᠳᠤ ᠣᠷᠣᠯᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠴᠢᠯᠥᠭᠡᠲᠡᠶ ᠰᠦᠪᠡᠭᠴᠢᠯᠡᠬᠦᠯᠬᠦ | ᠬᠡᠷᠡᠭᠲᠡᠶ ᠭᠡᠵᠦ ᠵᠠᠬᠢᠪᠠ᠃ ᠲᠡᠷᠡ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠰᠢᠨᠵᠢᠯᠡᠬᠦ ᠤᠬᠠᠭᠠᠨᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠭᠢᠯ ᠨᠢᠭᠡ ᠵᠣᠷᠢᠭ ᠢᠶᠠᠷ ᠰᠢᠮᠳᠠᠨ ᠰᠤᠳᠤᠯᠵᠤ᠂ ᠲᠦᠷᠭᠡᠨ ᠦᠷ᠎ᠡ | ᠪᠦᠲᠦᠭᠡᠯ ᠭᠠᠷᠭᠠᠵᠤ᠂ ᠤᠯᠠᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠭᠡᠷᠡᠭᠲᠡᠢ ᠭᠡᠵᠦ ᠵᠣᠷᠢᠭᠵᠢᠭᠤᠯᠪᠠ᠃ | ᠰᠦᠨ ᠵᠢᠶᠦ᠋ᠨ ᠴᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |