ᠡᠳ᠋ ᠤᠨ ᠵᠠᠰᠠᠭ ᠤᠨ ᠶᠠᠮᠤᠨ᠄ ᠲᠤᠰᠬᠠᠢ ᠵᠦᠢᠯ ᠤᠨ ᠦᠭᠴᠡᠭᠡ ᠪᠠᠷ ᠦᠯᠡᠳᠡᠭᠡᠯ ᠲᠠᠸᠠᠷ ᠤᠨ ᠤᠷᠤᠨ ᠰᠠᠭᠤᠴᠠ ᠬᠤᠳᠠᠯᠳᠤᠨ ᠠᠪᠬᠤ ᠶᠢ ᠣᠷᠣᠨ ᠨᠤᠲᠤᠭ ᠦᠪᠡᠰᠦᠪᠡᠨ ᠡᠵᠡᠨ ᠮᠡᠳᠡᠵᠦ ᠰᠠᠶᠢᠨ ᠳᠤᠷ᠎ᠠ ᠠᠴᠠ ᠪᠠᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/10/23
    ᠡᠳ᠋ ᠤᠨ ᠵᠠᠰᠠᠭ ᠤᠨ ᠶᠠᠮᠤᠨ ᠠᠴᠠ ᠢᠯᠡᠷᠬᠡᠶᠢᠯᠡᠭᠰᠡᠨ ᠨᠢ᠂ ᠤᠷᠤᠨ ᠨᠤᠲᠤᠭ ᠤᠨ ᠳᠤᠰᠬᠠᠢ ᠵᠦᠢᠯ ᠤᠨ ᠦᠭᠴᠡᠭᠡ ᠪᠠᠷ ᠦᠯᠡᠳᠡᠭᠡᠯ ᠲᠠᠸᠠᠷ ᠤᠨ ᠤᠷᠤᠨ ᠰᠠᠭᠤᠴᠠ ᠬᠤᠳᠠᠯᠳᠤᠨ ᠠᠪᠴᠦ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠪᠣᠯᠭᠠᠬᠤ ᠶᠢ ᠲᠡᠮᠵᠢᠭᠦ ᠲᠤᠬᠠᠢ ᠡᠨᠡ ᠬᠦ ᠳᠦᠷᠦ ᠶᠢᠨ ᠪᠤᠲᠤᠯᠭ᠎ᠠ ᠨᠢ ᠭᠤᠤᠯᠲᠠᠭᠤ ᠤᠷᠤᠨ ᠨᠤᠲᠤᠭ ᠦᠪᠡᠰᠦᠪᠡᠨ ᠡᠵᠡᠨ ᠮᠡᠳᠡᠨ ᠰᠶᠢᠳᠪᠦᠷᠢᠲᠤ ᠪᠤᠲᠤᠯᠭ᠎ᠠ ᠲᠤᠭᠲᠠᠭᠠᠵᠤ᠂ ᠰᠠᠶᠢᠨ ᠲᠤᠷ᠎ᠠ ᠠᠴᠠ ᠪᠠᠨ ᠬᠡᠷᠡᠭᠵᠢᠭᠦᠯᠵᠦ᠂ ᠬᠠᠥᠯᠢᠵᠢᠯ ᠤᠨ ᠵᠠᠷᠴᠢᠮ ᠢ ᠵᠢᠷᠤᠮᠯᠠᠨ᠂ ᠵᠠᠬ᠎ᠠ ᠲᠡᠯᠭᠡᠭᠦᠷᠴᠢᠯᠡᠭᠦ ᠶᠤᠰᠤᠭᠠᠷ ᠠᠵᠢᠯᠯᠠᠵᠤ᠂ ᠲᠦᠷᠦᠯ ᠵᠦᠢᠯ ᠤᠨ ᠪᠡᠯᠡ ᠲᠤᠭᠢᠷᠠᠭᠤᠯᠭ᠎ᠠ ᠶᠢᠨ ᠠᠰᠢᠭ ᠤᠷᠤᠯᠭ᠎ᠠ ᠶᠢᠨ ᠲᠡᠩᠴᠡᠭᠦᠷᠢᠲᠠᠢ ᠪᠠᠶᠢᠬᠤ ᠶᠢ ᠦᠨᠡᠨ ᠬᠦ ᠪᠠᠲᠤᠯᠠᠭᠰᠠᠨ ᠰᠠᠭᠤᠷᠢᠨ ᠲᠡᠬᠡᠷ᠎ᠡ᠂ ᠤᠷᠤᠨ ᠨᠤᠲᠤᠭ ᠤᠨ ᠬᠢᠨ ᠳᠤᠰᠬᠠᠢ ᠵᠦᠢᠯ ᠤᠨ ᠵᠢᠬᠡᠯᠡᠯᠬᠡ ᠶᠢᠨ ᠲᠡᠮᠲᠡᠭᠲᠤ ᠲᠤᠭᠢᠷᠠᠭᠤᠯᠵᠤ ᠪᠠᠶᠢᠭᠠᠳ ᠦᠯᠡᠳᠡᠭᠡᠯ ᠲᠠᠸᠠᠷ ᠤᠨ ᠤᠷᠤᠨ ᠰᠠᠭᠤᠴᠠ ᠬᠤᠲᠠᠯᠲᠤᠨ ᠠᠪᠬᠤ ᠳᠤ ᠬᠡᠷᠡᠭᠯᠡᠵᠦ ᠪᠤᠯᠤᠨ᠎ᠠ᠃ ᠡᠨᠡ ᠬᠦ ᠳᠦᠷᠤ ᠶᠢᠨ ᠪᠤᠲᠣᠯᠭ᠎ᠠ ᠨᠢ ᠪᠤᠰᠣᠣᠠ ᠬᠠᠮᠢᠶ᠎ᠠ ᠪᠦᠭᠦᠢ ᠲᠠᠮᠵᠢᠯᠭᠡ ᠶᠢᠨ ᠳᠦᠷᠤ ᠶᠢᠨ ᠪᠤᠲᠣᠯᠭ᠎ᠠ ᠲᠠᠢ ᠬᠠᠮᠵᠢᠯᠴᠠᠨ ᠬᠦᠴᠦᠯᠡᠵᠦ᠂ ᠣᠷᠣᠠ ᠨᠣᠲᠤᠭ ᠤᠨ ᠪᠠᠯᠠ ᠮᠦᠩᠭᠦᠨ ᠤ ᠢᠷᠡᠯᠲᠡ ᠶᠢᠨ ᠠᠷᠭ᠎ᠠ ᠵᠠᠮ ᠢ ᠣᠯᠠᠮ ᠨᠢᠭᠡ ᠠᠯᠬᠤᠮ ᠦᠷᠭᠡᠳᠭᠡᠨ᠂ ᠦᠯᠡᠳᠡᠭᠡᠯ ᠲᠠᠸᠠᠷ ᠤᠨ ᠤᠷᠤᠨ ᠰᠠᠭᠤᠴᠠ ᠶᠢ ᠪᠦᠲᠣᠮᠵᠢᠲᠠᠢ ᠪᠠᠷ ᠬᠤᠷᠤᠭᠳᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠠᠬᠢᠭᠤᠯᠬᠤ ᠪᠠᠷ ᠦᠯᠦ ᠪᠠᠷᠠᠮ᠂ ᠪᠠᠰᠠ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠣᠯᠠᠨ ᠠᠷᠭ᠎ᠠ ᠵᠠᠮ ᠢᠶᠠᠷ ᠪᠠᠲᠣᠯᠠᠭ᠎ᠠ ᠶᠢᠨ ᠴᠢᠨᠠᠷᠲᠠᠢ ᠣᠷᠣᠠ ᠰᠠᠭᠤᠴᠠ ᠶᠢ ᠲᠦᠪᠯᠡᠷᠡᠭᠦᠯᠦᠨ ᠴᠣᠬᠯᠠᠭᠤᠯᠬᠤ ᠳᠤ ᠠᠰᠢᠬᠲᠠᠢ ᠶᠣᠮ᠃ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ︽ᠳᠤᠮᠳᠠᠳᠦ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ︾ ᠠᠴᠠ ᠰᠢᠯᠵᠢᠭᠦᠯᠪᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号