ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠢᠩ ᠪᠦᠸᠧ ᠨᠡᠷ ᠭᠤᠣᠯ ᠤᠨ ᠪᠠᠶᠢᠰᠢᠩ ᠪᠠᠯᠭᠠᠰᠤ ᠶᠢᠨ ᠶᠢᠨ ᠰᠢᠶᠠᠩ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/24
   10 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠢᠩ ᠪᠦᠸᠧ ᠨᠡᠷ ᠭᠤᠣᠯ ᠤᠨ ᠪᠠᠶᠢᠰᠢᠩ ᠪᠠᠯᠭᠠᠰᠤᠨ ᠤ ᠶᠢᠨ ᠰᠢᠶᠠᠩ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠪᠦᠦ ᠬᠥᠭᠵᠢᠯᠲᠦ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠸᠠᠩ ᠬᠤᠩ ᠪᠦᠸᠧ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃    ᠳ᠋ᠢᠩ ᠪᠦᠸᠧ ᠨᠡᠷ ᠶᠠᠷᠢᠯᠴᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ︽ᠰᠡᠭᠦᠯᠴᠢ ᠶᠢᠨ ᠦᠨᠡᠯᠡᠯᠲᠡ︾ ᠶᠢᠨ ᠪᠡᠯᠡᠳᠬᠡᠯ ᠠᠵᠢᠯ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠲᠤᠬᠠᠢ ᠵᠢᠯᠣᠭᠤᠳᠣᠯᠭ᠎ᠠ ᠶᠢᠨ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠴᠠᠢ᠃    ᠳ᠋ᠢᠩ ᠪᠦᠸᠧ ᠠᠴᠠ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢ᠊ ᠡᠶ᠎ᠡ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠪᠰᠤᠷᠤᠨ ᠲᠡᠳᠬᠦᠬᠦ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠬᠦᠴᠦᠯᠡᠨ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ︽ᠰᠡᠭᠦᠯᠴᠢ ᠶᠢᠨ ᠦᠨᠡᠯᠡᠯᠲᠡ︾ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠦᠬᠡ ᠳᠤ ᠬᠦᠷᠴᠦ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠪᠠ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠡᠯ᠎ᠡ ᠵᠦᠢᠯ ᠤᠨ ᠠᠵᠢᠯ ᠢ ᠬᠢᠨᠠᠮᠠᠭᠠᠢ ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠭᠤᠷᠪᠠ ᠳᠤ᠂ ᠣᠯᠠᠨ ᠲᠦᠮᠡᠨ ᠯᠦᠭᠡ ᠶᠢᠨ ᠣᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠰᠢᠢᠳᠪᠦᠷᠢᠯᠡᠬᠦ ᠠᠷᠭ᠎ᠠ ᠶᠢ ᠵᠥᠪᠳᠡᠯᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ᠲᠣᠰᠬᠤᠨ ᠤ ᠪᠠᠶᠢᠳᠠᠯ ᠳᠤ ᠰᠠᠭᠤᠷᠢᠯᠠᠨ ᠬᠥᠭᠵᠢᠯᠲᠡ ᠶᠢ ᠰᠦᠪᠡᠭᠴᠢᠯᠡᠵᠦ᠂ ᠠᠵᠤ ᠦᠢᠯᠡᠰ ᠤᠨ ᠬᠥᠭᠵᠢᠯᠲᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号