10 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ ᠠᠷᠪᠠᠨ | ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠪᠡ᠃ ᠬᠤᠷᠠᠯ ᠳᠤ ᠣᠷᠣᠯᠴᠠᠬᠤ | ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 33 ᠬᠥᠮᠦᠨ᠂ ᠪᠣᠳᠠᠲᠠᠢ ᠣᠷᠣᠯᠴᠠᠭᠰᠠᠨ ᠬᠥᠮᠦᠨ 29 | ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠪᠡ᠃ | ᠬᠤᠷᠠᠯ ᠳᠤ ᠣᠷᠣᠯᠴᠠᠭᠰᠠᠳ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ ᠬᠤᠷᠠᠯ ᠠᠴᠠ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ | ᠣᠯᠭᠤᠯᠲᠠ ᠶᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ | ᠪᠦᠬᠦᠢ ᠵᠦᠢᠯᠡᠰ ᠢ ᠪᠠᠲᠤᠯᠠᠪᠠ᠃ | ᠪᠦᠦ ᠬᠥᠭᠵᠢᠯᠲᠦ ᠨᠥᠬᠦᠷ ᠤᠨ ᠣᠷᠣᠯᠠᠭᠴᠢ ᠬᠤᠰᠢᠭᠤᠨ ᠳᠠᠷᠤᠭ᠎ᠠ ᠪᠣᠯᠬᠤ ᠲᠣᠭᠲᠠᠭᠠᠯ ᠢ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠤᠨ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠤᠯᠢ ᠶᠣᠰᠣᠭᠠᠷ ᠬᠤᠷᠠᠯ ᠳᠤ | ᠰᠤᠯᠠ ᠣᠷᠣᠯᠴᠠᠪᠠ᠃ ᠬᠤᠰᠢᠭᠤ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ ᠲᠥᠯᠥᠭᠡᠯᠡᠭᠴᠢ᠂ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ | ᠬᠡᠰᠡᠭ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤ | ᠱᠠᠲᠤᠨ ᠤ ᠬᠡᠰᠡᠭ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ |